ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠡᠪᠡᠳᠴᠢᠲᠡᠢ ᠵᠡᠮᠳᠡᠭ ᠤᠨ ᠨᠥᠬᠦᠪᠦᠷᠢ ᠨᠡᠮᠡᠬᠦ ᠪᠠᠷ ᠪᠤᠶ
ᠨᠡᠶᠢᠲᠡᠯᠡᠭᠰᠡᠨ ᠴᠠᠭ᠄
2024/10/23
     ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ 18 ᠤ ᠡᠳᠦᠷ ︽ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠡᠪᠡᠳᠴᠢᠲᠡᠢ ᠵᠡᠮᠳᠡᠭ ᠤᠨ ᠨᠥᠬᠦᠪᠦᠷᠢ ᠶᠢᠨ ᠲᠤᠬᠠᠢ ᠲᠦᠷ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠪᠡ᠃ ᠲᠤᠰ ᠠᠷᠭ᠎ᠠ ᠳᠤ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠳ ᠬᠠᠤᠯᠢ ᠳᠤ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠬᠦ ᠠᠴᠠ ᠡᠮᠦᠨ᠎ᠡ᠂ ᠡᠪᠡᠳᠴᠢᠨ ᠪᠤᠶᠤ ᠠᠵᠢᠯ ᠤᠨ ᠪᠤᠰᠤ ᠰᠢᠯᠲᠠᠭᠠᠨ ᠢᠶᠠᠷ ᠵᠡᠮᠳᠡᠭ ᠪᠣᠯᠵᠤ ᠭᠦᠳᠡᠯᠮᠦᠷᠢ ᠶᠢᠨ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠭᠡᠵᠦ ᠬᠢᠨᠠᠨ ᠲᠣᠭᠲᠠᠭᠠᠯᠭᠠᠭᠰᠠᠨ ᠪᠠᠶᠢᠪᠠᠯ᠂ ᠰᠠᠷ᠎ᠠ ᠪᠦᠷᠢ ᠡᠪᠡᠳᠴᠢᠲᠡᠢ ᠵᠡᠮᠳᠡᠭ ᠤᠨ ᠨᠥᠬᠦᠪᠦᠷᠢ ᠠᠪᠬᠤ ᠪᠠᠷ ᠭᠤᠶᠤᠴᠢᠯᠠᠵᠤ ᠪᠣᠯᠣᠨ᠎ᠠ ᠭᠡᠵᠦ ᠲᠣᠳᠣᠷᠬᠠᠢ ᠲᠣᠭᠲᠠᠭᠠᠭᠰᠠᠨ ᠪᠠᠶᠢᠨ᠎ᠠ᠃      ᠡᠪᠡᠳᠴᠢᠲᠡᠢ ᠵᠡᠮᠳᠡᠭ ᠤᠨ ᠨᠥᠬᠦᠪᠦᠷᠢ ᠶᠢᠨ ᠰᠠᠷ᠎ᠠ ᠶᠢᠨ ᠪᠠᠷᠢᠮᠵᠢᠶ᠎ᠠ ᠪᠣᠯᠣᠨ ᠥᠭᠬᠦ ᠬᠤᠭᠤᠴᠠᠭ᠎ᠠ ᠶᠢ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠲᠡᠢ ᠵᠡᠮᠳᠡᠭ ᠤᠨ ᠨᠥᠬᠦᠪᠦᠷᠢ ᠭᠤᠶᠤᠴᠢᠯᠠᠨ ᠠᠪᠬᠤ ᠦᠶ᠎ᠡ ᠶᠢᠨ ᠨᠠᠰᠤ ᠵᠢᠯ᠂ ᠳᠠᠭᠠᠳᠬᠠᠯ ᠤᠨ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠵᠡᠷᠭᠡ ᠶᠢ ᠦᠨᠳᠦᠰᠦᠯᠡᠨ ᠲᠣᠭᠲᠠᠭᠠᠨ᠎ᠠ᠃ ᠡᠪᠡᠳᠴᠢᠲᠡᠢ ᠵᠡᠮᠳᠡᠭ ᠤᠨ ᠨᠥᠬᠦᠪᠦᠷᠢ ᠶᠢᠨ ᠰᠠᠷ᠎ᠠ ᠶᠢᠨ ᠪᠠᠷᠢᠮᠵᠢᠶ᠎ᠠ ᠶᠢ ᠤᠯᠤᠰ ᠠᠴᠠ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠨᠢᠭᠡᠳᠦᠯᠲᠡᠢ ᠲᠣᠬᠢᠷᠠᠭᠤᠯᠤᠯᠲᠠ ᠬᠢᠬᠦ ᠦᠶ᠎ᠡ ᠳᠤ ᠵᠡᠷᠭᠡ ᠳᠤᠨᠢ ᠲᠣᠬᠢᠷᠠᠭᠤᠯᠤᠯᠲᠠ ᠬᠢᠨ᠎ᠡ᠃      ᠳᠠᠭᠠᠳᠬᠠᠯ ᠳᠤ ᠣᠷᠣᠯᠴᠠᠭᠰᠠᠳ ᠡᠪᠡᠳᠴᠢᠲᠡᠢ ᠵᠡᠮᠳᠡᠭ ᠤᠨ ᠨᠥᠬᠦᠪᠦᠷᠢ ᠶᠢ ᠭᠤᠶᠤᠴᠢᠯᠠᠬᠤ ᠳᠤ ᠤᠯᠤᠰ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠭᠥᠯᠢᠶᠡᠨ ᠠᠪᠴᠤ ᠦᠷᠭᠦᠯᠵᠢᠯᠡᠭᠦᠯᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠥᠬᠦᠪᠦᠷᠢ ᠭᠤᠶᠤᠴᠢᠯᠠᠨ ᠠᠪᠬᠤ ᠭᠠᠵᠠᠷ ᠢ ᠲᠣᠭᠲᠠᠭᠠᠨ᠎ᠠ᠃ ᠡᠪᠡᠳᠴᠢᠲᠡᠢ ᠵᠡᠮᠳᠡᠭ ᠤᠨ ᠨᠥᠬᠦᠪᠦᠷᠢ ᠠᠪᠬᠤ ᠬᠤᠭᠤᠴᠠᠭᠠᠨ ᠳᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠢᠬᠤᠯᠠ ᠦᠭᠡᠢ᠃ ᠦᠷᠭᠦᠯᠵᠢᠯᠡᠨ ᠠᠵᠢᠯᠯᠠᠬᠤ ᠶᠢᠨ ᠬᠠᠮᠲᠤ ᠤᠯᠤᠰ ᠤᠨ ᠲᠣᠭᠲᠠᠭᠠᠯ ᠶᠣᠰᠣᠭᠠᠷ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠪᠠᠯ ᠰᠦᠢᠳᠬᠡᠯ ᠲᠤᠰᠢᠶᠠᠬᠤ ᠪᠠᠨ ᠰᠡᠷᠭᠦᠭᠡᠭᠰᠡᠨ ᠤ ᠳᠠᠷᠠᠭ᠎ᠠ ᠰᠠᠷ᠎ᠠ ᠠᠴᠠ ᠨᠢ ᠡᠬᠢᠯᠡᠨ ᠡᠪᠡᠳᠴᠢᠲᠡᠢ ᠵᠡᠮᠳᠡᠭ ᠤᠨ ᠨᠥᠬᠦᠪᠦᠷᠢ ᠣᠯᠭᠤᠬᠤ ᠶᠢ ᠵᠣᠭᠰᠣᠭᠠᠨ᠎ᠠ᠃      ᠡᠪᠡᠳᠴᠢᠲᠡᠢ ᠵᠡᠮᠳᠡᠭ ᠤᠨ ᠨᠥᠬᠦᠪᠦᠷᠢ ᠭᠤᠶᠤᠴᠢᠯᠠᠵᠤ ᠪᠠᠶᠢᠭ᠎ᠠ ᠬᠥᠮᠥᠰ ᠨᠥᠬᠦᠪᠦᠷᠢ ᠠᠪᠬᠤ ᠭᠠᠵᠠᠷ ᠪᠤᠶᠤ ᠬᠠᠮᠤᠭ ᠡᠴᠦᠰ ᠤᠨ ᠳᠠᠭᠠᠳᠬᠠᠯ ᠳᠤ ᠣᠷᠣᠯᠴᠠᠬᠰᠠᠨ ᠲᠤᠰᠬᠠᠢ ᠣᠷᠣᠨ ᠤ ᠲᠡᠰ ᠤᠨ ᠬᠤᠲᠠ︵ᠬᠠᠷᠢᠶ᠎ᠠ ᠣᠷᠣᠨ ᠲᠣᠬᠢᠷᠠᠭᠤᠯᠤᠭᠰᠠᠨ ᠬᠤᠲᠠ︶ ᠠᠴᠠ ᠳᠡᠭᠡᠭᠰᠢᠬᠢ ᠭᠦᠳᠡᠯᠮᠦᠷᠢ ᠶᠢᠨ ᠴᠢᠳᠠᠪᠤᠷᠢ ᠶᠢ ᠬᠢᠨᠠᠨ ᠲᠣᠭᠲᠠᠭᠠᠬᠤ ᠪᠠᠶᠢᠭᠤᠯᠤᠮᠵᠢ ᠠᠴᠠ ᠭᠠᠷᠭᠠᠭᠰᠠᠨ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠲᠤᠬᠠᠢ ᠬᠢᠨᠠᠨ ᠲᠣᠭᠲᠠᠭᠠᠭᠰᠠᠨ ᠭᠡᠷᠡᠴᠢ ᠪᠠᠶᠢᠬᠤ ᠬᠡᠷᠡᠭᠲᠡᠢ᠃ ᠮᠤᠵᠢ ᠶᠢᠨ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠡᠪᠡᠳᠴᠢᠲᠡᠢ ᠵᠡᠮᠳᠡᠭ ᠤᠨ ᠨᠥᠬᠦᠪᠦᠷᠢ ᠠᠪᠴᠤ ᠪᠠᠶᠢᠭ᠎ᠠ ᠬᠥᠮᠥᠰ ᠤᠨ ᠬᠥᠳᠡᠯᠮᠦᠷᠢᠯᠡᠬᠦ ᠴᠢᠳᠠᠪᠤᠷᠢ ᠶᠢ ᠨᠢ ᠲᠠᠭᠢᠨ ᠪᠠᠶᠢᠴᠠᠭᠠᠵᠤ ᠬᠢᠨᠠᠨ ᠲᠣᠭᠲᠠᠭᠠᠬᠤ ᠳᠦᠷᠢᠮ ᠢ ᠪᠠᠶᠢᠭᠤᠯᠵᠤ᠂ ᠲᠠᠭᠢᠨ ᠪᠠᠶᠢᠴᠠᠭᠠᠵᠤ ᠬᠢᠨᠠᠨ ᠲᠣᠭᠲᠠᠭᠠᠭᠠᠳ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠲᠠᠭᠢᠨ ᠪᠠᠶᠢᠴᠠᠭᠠᠵᠤ ᠬᠢᠨᠠᠨ ᠲᠣᠭᠲᠠᠭᠠᠭᠰᠠᠨ ᠳ᠋ᠦᠩ ᠭᠠᠷᠭᠠᠭᠰᠠᠨ ᠤ ᠳᠠᠷᠠᠭ᠎ᠠ ᠰᠠᠷ᠎ᠠ ᠠᠴᠠ ᠨᠢ ᠡᠬᠢᠯᠡᠨ ᠡᠪᠡᠳᠴᠢᠲᠡᠢ ᠵᠡᠮᠳᠡᠭ ᠤᠨ ᠨᠥᠬᠦᠪᠦᠷᠢ ᠥᠭᠬᠦ ᠶᠢ ᠵᠣᠭᠰᠣᠭᠠᠨ᠎ᠠ᠃      ᠡᠪᠡᠳᠴᠢᠲᠡᠢ ᠵᠡᠮᠳᠡᠭ ᠤᠨ ᠨᠥᠬᠦᠪᠦᠷᠢ ᠪᠡᠯᠡ ᠮᠥᠩᠭᠦ ᠶᠢ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠠᠴᠠ ᠭᠠᠷᠭᠠᠨ᠎ᠠ᠃ ᠮᠡᠬᠡᠯᠡᠬᠦ᠂ ᠭᠡᠷᠡᠴᠢᠯᠡᠬᠦ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ ᠪᠤᠶᠤ ᠪᠤᠰᠤᠳ ᠠᠷᠭ᠎ᠠ ᠪᠠᠷᠢᠯ ᠢᠶᠠᠷ ᠡᠪᠡᠳᠴᠢᠲᠡᠢ ᠵᠡᠮᠳᠡᠭ ᠤᠨ ᠨᠥᠬᠦᠪᠦᠷᠢ ᠶᠢ ᠮᠡᠬᠡᠯᠡᠨ ᠠᠪᠤᠭᠰᠠᠨ ᠪᠠᠶᠢᠪᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠪᠤᠴᠠᠭᠠᠯᠭᠠᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠨ᠎ᠡ᠃      2023 ᠣᠨ ᠤ ᠡᠴᠦᠰ ᠲᠤ᠂ ᠪᠦᠭᠦ ᠤᠯᠤᠰ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 46044 ᠲᠦᠮᠡ ᠬᠦᠷᠴᠦ᠂ ᠲᠦᠷᠦᠭᠦᠸ ᠵᠢᠯ ᠤᠨ ᠡᠴᠦᠰ ᠤᠨ ᠬᠢ ᠠᠴᠠ 1642 ᠲᠦᠮᠡ ᠨᠡᠮᠡᠭᠳᠡᠵᠡᠢ᠃ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠣᠰᠣᠭᠠᠷ᠂ 2025 ᠣᠨ ᠠᠴᠠ ᠡᠬᠢᠯᠡᠨ᠂ ᠡᠷᠡᠭᠲᠡᠢ ᠠᠵᠢᠯᠲᠠᠨ᠂ ᠡᠮᠡᠭᠲᠡᠢ ᠺᠠᠳ᠋ᠷ᠂ ᠡᠮᠡᠭᠲᠡᠢ ᠠᠵᠢᠯᠴᠢᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠪᠦᠬᠦᠯᠢ 63 ᠨᠠᠰᠤ᠂ ᠪᠦᠬᠦᠯᠢ 58 ᠨᠠᠰᠤ᠂ ᠪᠦᠬᠦᠯᠢ 55 ᠨᠠᠰᠤ ᠪᠣᠯᠭᠠᠨ᠎ᠠ᠃ᠢᠷᠡᠯᠲᠡ᠄  ᠰᠢᠨᠬᠤᠸᠠ ᠬᠤᠷᠢᠶ᠎ᠠ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号