︽ᠬᠠᠮ ᠠᠷᠭ᠎ᠠ︾ ᠬᠡᠷᠡᠭᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠪᠤᠷᠢᠵᠢᠭᠤᠯᠬᠤ ᠶᠢ ᠬᠦᠴᠦᠯᠡᠨ ᠠᠬᠢᠭᠤᠯᠤᠶ᠎ᠠ - ᠣᠳᠣᠬᠠᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠯᠠᠭᠤᠷᠠᠯ ᠴᠡᠭ ᠤᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2024/10/25
     ᠶᠡᠷᠦᠩᠬᠡᠢ ᠱᠦᠵᠢ ᠰᠢ ᠶᠢᠨ ᠫᠢᠩ᠄ ︽ᠣᠷᠣᠨ ᠰᠠᠭᠤᠴᠠ ᠶᠢᠨ ᠠᠰᠠᠭᠤᠳᠠᠯ ᠪᠣᠯ ᠠᠷᠠᠳ ᠤᠨ ᠠᠮᠢᠳᠤᠷᠠᠯ ᠤᠨ ᠠᠰᠠᠭᠤᠳᠠᠯ ᠮᠥᠨ ᠪᠥᠭᠡᠳ ᠬᠥᠭᠵᠢᠯᠲᠡ ᠶᠢᠨ ᠠᠰᠠᠭᠤᠳᠠᠯ ᠮᠥᠨ᠂ ᠲᠦᠭ ᠲᠦᠮᠡᠨ ᠠᠶᠢᠯ ᠡᠷᠦᠬᠡ  ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠳᠤ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ︾ ᠭᠡᠵᠦ ᠵᠢᠭᠠᠨ ᠭᠠᠷᠭᠠᠪᠠ᠃            9 ᠳ᠋ᠦ᠋ᠭᠡᠷ ᠰᠠᠷ᠎ᠠ ᠶᠢᠨ 26 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯᠳᠤᠭᠠᠨ ᠠᠴᠠ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠣᠭᠲᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︾ ︽ᠣᠯᠠᠨ ᠲᠦᠮᠡᠨ ᠤ ᠠᠩᠬᠠᠷᠤᠯ ᠳᠤ ᠬᠠᠷᠢᠭᠤ ᠥᠭᠴᠦ᠂ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠨ᠂ ᠭᠠᠵᠠᠷ ᠰᠢᠷᠣᠢ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠶᠢᠨ ᠲᠥᠷᠥ ᠶᠢᠨ ᠪᠣᠳᠣᠯᠭ᠎ᠠ ᠶᠢ ᠱᠠᠯᠠᠪᠳᠠᠨ ᠲᠡᠭᠦᠯᠳᠡᠷᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠤᠨ᠎ᠠ ᠭᠡᠵᠦ ᠴᠢᠬᠤᠯᠠᠴᠢᠯᠠᠪᠠ᠃            ᠣᠶᠢᠷ᠎ᠠ ᠶᠢᠨ ᠬᠤᠭᠤᠴᠠᠭᠠᠨ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠡᠯ᠎ᠡ ᠭᠠᠵᠠᠷ ᠤᠨ ᠬᠢᠨ ᠢ ᠵᠢᠯᠣᠭᠤᠳᠤᠨ ᠦᠳᠲᠡᠷ ᠲᠦᠷᠭᠡᠨ ᠬᠥᠳᠡᠯᠦᠯᠴᠡᠵᠦ᠂ ᠦᠯᠡᠳᠡᠭᠡᠯ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠳᠬᠤᠨ᠂ ᠨᠡᠮᠡᠭᠳᠡᠯ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠶᠢ ᠠᠳᠬᠤᠵᠤ᠂ ᠨᠢᠭᠡ ᠢᠵᠢ ︽ᠬᠠᠮ ᠠᠷᠭ᠎ᠠ︾ ᠭᠠᠷᠭᠠᠪᠠ︔ ᠣᠷᠣᠨ ᠨᠤᠲᠤᠭ ᠤᠨ ᠵᠠᠰᠠᠭ ᠤᠨ ᠣᠷᠳᠣᠨ ᠬᠤᠳᠠ ᠶᠢᠨ ᠪᠠᠶᠢᠳᠠᠯ ᠳᠤᠨᠢ ᠲᠣᠬᠢᠷᠠᠭᠤᠯᠤᠨ ᠲᠦᠷᠦ ᠶᠢᠨ ᠪᠣᠳᠣᠯᠭ᠎ᠠ ᠬᠡᠷᠡᠭᠵᠢᠭᠦᠯᠵᠦ᠂ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠬᠦᠴᠦᠨ ᠦᠭᠡᠢ ᠪᠣᠯᠭᠠᠭᠰᠠᠨ ᠪᠤᠶᠤ ᠲᠣᠬᠢᠷᠠᠭᠤᠯᠤᠨ ᠬᠠᠰᠤᠵᠤ᠂ ᠰᠠᠭᠤᠭᠠᠯᠢ ᠠᠷᠠᠳ ᠤᠨ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠪᠡ᠃ ᠡᠲᠡᠭᠡᠷ ᠠᠷᠭ᠎ᠠ ᠬᠡᠮᠵᠢᠶ᠎ᠡ ᠨᠢ ᠨᠡᠮᠡᠭᠳᠡᠯ ᠢ ᠲᠣᠭᠲᠠᠪᠤᠷᠢᠵᠢᠭᠤᠯᠬᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠴᠢᠩᠭ᠎ᠠ ᠳᠣᠬᠢᠶ᠎ᠠ ᠶᠢ ᠲᠠᠯᠪᠢᠵᠤ᠂ ᠢᠲᠡᠭᠡᠯ ᠵᠣᠷᠢᠭ ᠢ ᠤᠯᠠᠮ ᠨᠢᠭᠡ ᠠᠯᠬᠤᠮ ᠬᠥᠪᠴᠢᠯᠡᠵᠦ᠂ ᠵᠢᠱᠢᠯᠲᠡ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠪᠣᠯᠣᠨ᠎ᠠ᠃             ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ 10 ᠳ᠋ᠤᠭᠠᠷ ᠰᠠᠷ᠎ᠠ ᠶᠢᠨ 18 ᠤ ᠡᠳᠦᠷ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ᠂ ᠤᠯᠤᠰ ᠤᠨ ᠪᠠᠶᠠᠷ ᠤᠨ ᠬᠤᠭᠤᠴᠠᠭᠠᠨ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠰᠠᠷ ᠬᠤᠳᠠᠯᠳᠤᠨ ᠠᠪᠤᠭᠴᠢ ᠶᠢᠨ ᠬᠡᠮᠵᠢᠶ᠎ᠡ᠂ ᠠᠷᠠᠯᠵᠢᠶ᠎ᠠ ᠪᠦᠲᠦᠭᠰᠡᠨ ᠬᠡᠮᠵᠢᠶ᠎ᠡ ᠢᠯᠡᠳᠲᠡ ᠰᠠᠶᠢᠵᠢᠷᠠᠭᠰᠠᠨ ᠪᠠᠶᠢᠨ᠎ᠠ᠃ ᠵᠠᠬ᠎ᠠ ᠳᠡᠯᠭᠡᠭᠦᠷ ᠤᠨ ᠪᠠᠶᠢᠭᠤᠯᠤᠮᠵᠢ ᠶᠢᠨ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠤᠯᠤᠰ ᠤᠨ ᠪᠠᠶᠠᠷ ᠤᠨ ᠬᠤᠭᠤᠴᠠᠭᠠᠨ ᠳᠤ ᠰᠢᠨ᠎ᠡ ᠭᠡᠷ ᠪᠠᠶᠢᠰᠢᠩ ᠤᠨ ᠠᠷᠠᠯᠵᠢᠶ᠎ᠠ ᠪᠦᠲᠦᠭᠰᠡᠨ ᠲᠠᠯᠠᠪᠠᠶ 102 % ᠢᠶᠠᠷ ᠨᠡᠮᠡᠭᠳᠡᠵᠦ᠂ ᠭᠠᠷ ᠳᠠᠮᠵᠢᠭᠰᠠᠨ ᠭᠡᠷ ᠪᠠᠶᠢᠰᠢᠩ ᠤᠨ ᠠᠷᠠᠯᠵᠢᠶ᠎ᠠ ᠪᠦᠲᠦᠭᠰᠡᠨ ᠲᠠᠯᠠᠪᠠᠶ 205% ᠨᠡᠮᠡᠭᠳᠡᠵᠡᠢ᠃ ︽ᠡᠨᠡᠬᠦ ᠬᠤᠪᠢᠷᠠᠯᠲᠠ ᠮᠠᠰᠢ ᠢᠯᠡᠷᠬᠡᠢ ᠪᠠᠶᠢᠨ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠢᠳᠡᠪᠬᠢᠲᠡᠢ ᠬᠤᠪᠢᠷᠠᠯᠲᠠ ᠭᠠᠷᠤᠨ᠎ᠠ ᠭᠡᠳᠡᠭ ᠢ ᠪᠢᠳᠡ ᠢᠲᠡᠭᠡᠵᠦ ᠪᠠᠶᠢᠨ᠎ᠠ︾ ᠭᠡᠵᠦ ᠱᠧᠩ ᠯᠠᠢ ᠶᠦᠨ ᠬᠡᠯᠡᠪᠡ᠃            ᠣᠳᠣᠬᠠᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠪᠠ ᠬᠥᠭᠵᠢᠯᠲᠡ ᠶᠢᠨ ᠬᠠᠨᠳᠤᠰᠢ ᠶᠢ ᠬᠡᠷᠬᠢᠨ ᠦᠵᠡᠬᠦ ᠪᠣᠶ︖ ᠬᠤᠳᠠᠯᠳᠤᠨ ᠠᠪᠤᠭᠰᠠᠨ ᠣᠷᠣᠨ ᠰᠠᠭᠤᠴᠠ ᠶᠢ ᠴᠠᠭ ᠲᠤᠬᠠᠢ ᠳᠤᠨᠢ ᠲᠤᠰᠢᠶᠠᠵᠤ ᠪᠣᠯᠬᠤ ᠦᠦ︖ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠢᠳᠠ ᠰᠣᠷᠪᠤᠯᠵᠢᠯᠠᠭ᠎ᠠ ᠬᠢᠪᠡ᠃            ᠠᠯᠢ ᠣᠯᠠᠨ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠨᠢ ᠬᠢᠷᠢ ᠵᠡᠷᠭᠡ ᠪᠤᠢ︖           - 10 ᠳ᠋ᠤᠭᠠᠷ ᠰᠠᠷ᠎ᠠ ᠠᠴᠠ ᠨᠠᠰᠢ᠂ ᠰᠢᠨ᠎ᠡ ᠭᠡᠷ ᠪᠠᠶᠢᠰᠢᠩ ᠪᠠ ᠭᠠᠷ ᠳᠠᠮᠵᠢᠭᠰᠠᠨ ᠭᠡᠷ ᠪᠠᠶᠢᠰᠢᠩ ᠤᠨ ᠠᠷᠠᠯᠵᠢᠶ᠎ᠠ ᠪᠦᠲᠦᠭᠡᠭᠰᠡᠨ ᠨᠤᠷᠮ᠎ᠠ ᠶᠡᠭᠡ ᠬᠡᠮᠵᠢᠶ᠎ᠡ ᠪᠠᠷ ᠳᠡᠭᠡᠭᠰᠢᠯᠡᠵᠡᠢ᠂ ᠶᠡᠭᠡ ᠬᠤᠲᠠ ᠶᠢᠨ ᠭᠠᠵᠠᠷ ᠰᠢᠷᠣᠢ ᠶᠢᠨ ᠵᠠᠬ᠎ᠠ ᠳᠡᠯᠭᠡᠭᠦᠷ ᠲᠤ ᠡᠷᠭᠢᠯᠲᠡ ᠶᠢᠨ ᠪᠠᠶᠢᠳᠠᠯ ᠭᠠᠷᠴᠠᠢ᠃ ᠣᠶᠢᠷ᠎ᠠ ᠶᠢᠨ ᠬᠤᠭᠤᠴᠠᠭᠠᠨ ᠤ ᠭᠡᠷ ᠪᠠᠶᠢᠰᠢᠩ ᠭᠠᠵᠠᠷ ᠬᠥᠷᠥᠩᠭᠡ ᠶᠢ ᠰᠢᠯᠢᠳᠡᠭᠵᠢᠭᠦᠯᠦᠨ ᠲᠣᠬᠢᠷᠠᠭᠤᠯᠬᠤ ᠲᠥᠷᠥ ᠶᠢᠨ ᠪᠣᠳᠣᠯᠭ᠎ᠠ ᠨᠢ ᠭᠤᠣᠯᠳᠠᠭᠤ ᠠᠯᠢ ᠠᠯᠢ ᠲᠠᠯ᠎ᠠ ᠳᠤ ᠲᠥᠪᠯᠡᠷᠡᠵᠦ ᠪᠠᠶᠢᠬᠤ ᠪᠣᠶ︖ ᠦᠷ᠎ᠡ ᠳ᠋ᠦᠩ ᠨᠢ ᠶᠠᠮᠠᠷ ᠪᠤᠢ︖ ᠬᠤᠷᠢᠶᠠᠩᠭᠤᠶᠢᠯᠠᠭᠠᠳ ᠬᠡᠯᠡᠪᠡᠯ ᠳᠥᠷᠪᠡ ᠶᠢ ᠬᠦᠴᠦᠨ ᠦᠭᠡᠢ ᠪᠤᠯᠭᠠᠵᠦ᠂ ᠳᠥᠷᠪᠡ ᠶᠢ ᠪᠠᠭᠤᠷᠠᠭᠤᠯᠵᠤ᠂ ᠬᠤᠶᠠᠷ ᠢ ᠨᠡᠮᠡᠭᠳᠡᠭᠦᠯᠦᠨ᠎ᠡ︾᠃ ᠣᠷᠣᠨ ᠰᠠᠭᠤᠴᠠ ᠪᠣᠯᠣᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠠᠶᠢᠳ ᠨᠢ ᠾᠦᠩ ᠡᠭᠦᠨ ᠢ ᠪᠣᠳᠠᠲᠠᠢ ᠲᠠᠨᠢᠯᠴᠠᠭᠤᠯᠪᠠ -              ᠳᠥᠷᠪᠡ ᠶᠢ ᠬᠦᠴᠦᠨ ᠦᠭᠡᠢ ᠪᠣᠯᠭᠠᠨ᠎ᠠ᠄ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ᠂ ᠣᠷᠣᠨ ᠰᠠᠭᠤᠴᠠ ᠶᠢᠨ ᠪᠣᠷᠤᠯᠠᠭᠤᠯᠭ᠎ᠠ ᠶᠢ ᠬᠢᠵᠠᠭᠠᠷᠯᠠᠬᠤ᠂ ᠣᠷᠣᠨ ᠰᠠᠭᠤᠴᠠ ᠶᠢᠨ ᠦᠨ᠎ᠡ ᠶᠢ ᠬᠢᠵᠠᠭᠠᠷᠯᠠᠬᠤ ᠶᠢ ᠬᠦᠴᠦᠨ ᠦᠭᠡᠢ ᠪᠣᠯᠭᠠᠬᠤ᠂ ᠡᠡ᠊ᠩ ᠤᠨ ᠣᠷᠣᠨ ᠰᠠᠭᠤᠴᠠ ᠪᠠ ᠡᠡ᠊ᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ ᠪᠣᠯᠭᠠᠨ᠎ᠠ᠃ ᠬᠤᠳᠠ ᠶᠢᠨ ᠵᠠᠰᠠᠭ ᠤᠨ ᠣᠷᠳᠣᠨ ᠳᠤ ᠡᠵᠡᠨ ᠮᠡᠳᠡᠬᠦ ᠡᠷᠬᠡ ᠶᠢ ᠲᠣᠬᠢᠷᠠᠭᠤᠯᠤᠨ ᠡᠵᠡᠮᠳᠡᠬᠦ᠂ ᠬᠤᠳᠠ ᠶᠢᠨ ᠵᠠᠰᠠᠭ ᠤᠨ ᠣᠷᠳᠣᠨ ᠳᠤ ᠬᠤᠳᠠ ᠶᠢᠨ ᠪᠠᠶᠢᠳᠠᠯ ᠳᠤᠨᠢ ᠲᠣᠬᠢᠷᠠᠭᠤᠯᠤᠨ ᠪᠣᠳᠣᠯᠭ᠎ᠠ ᠬᠡᠷᠡᠭᠵᠢᠭᠦᠯᠬᠦ᠂ ᠭᠡᠷ ᠪᠠᠶᠢᠰᠢᠩ ᠬᠤᠳᠠᠯᠳᠤᠨ ᠠᠪᠬᠤ ᠡᠯ᠎ᠡ ᠲᠦᠷᠦᠯ ᠤᠨ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠲᠣᠬᠢᠷᠠᠭᠤᠯᠬᠤ ᠪᠤᠶᠤ ᠬᠦᠴᠦᠨ ᠦᠭᠡᠢ ᠪᠣᠯᠭᠠᠬᠤ ᠶᠢ ᠭᠦᠢᠴᠡᠳ ᠣᠯᠭᠤᠨ᠎ᠠ᠃ ᠳᠥᠷᠪᠡ ᠶᠢ ᠪᠠᠭᠤᠷᠠᠭᠤᠯᠤᠨ᠎ᠠ᠄ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠨ᠎ᠠ᠂ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠬᠠᠷᠢᠴᠠᠯ ᠢ ᠪᠠᠭᠤᠷᠠᠭᠤᠯᠤᠨ᠎ᠠ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠨ᠎ᠠ᠂ ︽ᠬᠠᠭᠤᠴᠢᠨ ᠣᠷᠣᠨ ᠰᠠᠭᠤᠴᠠ ᠪᠠᠨ ᠬᠤᠳᠠᠯᠳᠤᠵᠤ ᠰᠢᠨ᠎ᠡ ᠣᠷᠣᠨ ᠰᠠᠭᠤᠴᠠ ᠬᠤᠳᠠᠯᠳᠤᠨ ᠠᠪᠬᠤ︾ ᠣᠷᠣᠨ ᠰᠠᠭᠤᠴᠠ ᠰᠣᠯᠢᠵᠤ ᠬᠤᠳᠠᠯᠳᠤᠨ ᠠᠪᠬᠤ ᠶᠢᠨ ᠭᠠᠶᠢᠯᠢ ᠰᠦᠢᠳᠬᠡᠯ ᠤᠨ ᠳᠠᠷᠤᠭᠠᠰᠤ ᠶᠢ ᠪᠠᠭᠤᠷᠠᠭᠤᠯᠤᠨ᠎ᠠ᠃ ᠡᠭᠦᠨ ᠤ ᠵᠣᠷᠢᠯᠭ᠎ᠠ ᠨᠢ ᠰᠠᠭᠤᠭᠠᠯᠢ ᠠᠷᠠᠳ ᠤᠨ ᠭᠡᠷ ᠪᠠᠶᠢᠰᠢᠩ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠵᠤ᠂ ᠵᠢᠭᠡᠯᠡᠯᠭᠡ ᠪᠤᠴᠠᠭᠠᠬᠤ ᠳᠠᠷᠤᠯᠲᠠ ᠶᠢ ᠬᠥᠩᠭᠡᠷᠡᠭᠦᠯᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠵᠠᠶᠢᠯᠠᠰᠢ ᠦᠭᠡᠢ ᠬᠡᠷᠡᠭᠴᠡᠭᠡ ᠪᠣᠯᠣᠨ ᠰᠠᠶᠢᠵᠢᠷᠠᠭᠤᠯᠤᠯᠲᠠ ᠶᠢᠨ ᠴᠢᠨᠠᠷᠲᠠᠢ ᠬᠡᠷᠡᠭᠴᠡᠭᠡ ᠶᠢ ᠳᠡᠮᠵᠢᠬᠦ ᠶᠢᠨ ᠲᠥᠯᠥᠭᠡ ᠶᠤᠮ᠃ ᠬᠤᠶᠠᠷ ᠢ ᠨᠡᠮᠡᠭᠳᠡᠭᠦᠯᠦᠨ᠎ᠡ᠄ ᠨᠢᠭᠡ ᠳᠤ᠂ ᠵᠤᠭᠤᠰᠵᠢᠭᠤᠯᠤᠨ ᠲᠥᠪᠬᠢᠨᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 100 ᠲᠦᠮᠡᠨ ᠢᠵᠢ ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠵᠠᠰᠠᠬᠤ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠰᠢᠨ᠎ᠡ ᠪᠠᠷ ᠨᠡᠮᠡᠭᠳᠡᠭᠦᠯᠦᠨ᠎ᠡ︔ ᠬᠤᠶᠠᠷ ᠲᠤ᠂ ᠡᠨᠡ ᠵᠢᠯ ᠤᠨ ᠡᠴᠦᠰ ᠠᠴᠠ ᠡᠮᠦᠨ᠎ᠡ ︽ᠴᠠᠭᠠᠨ ᠨᠡᠷᠡᠰ︾  ᠤᠨ ᠲᠦᠷᠦᠯ ᠵᠦᠢᠯ ᠤᠨ ᠵᠢᠭᠡᠯᠡᠯᠭᠡ ᠶᠢᠨ ᠬᠡᠪᠴᠢᠶ᠎ᠡ ᠶᠢ 4 ᠲᠦᠮᠡᠨ ᠳ᠋ᠦᠩᠰᠢᠭᠤᠷ ᠲᠥᠭᠦᠷᠢᠭ ᠪᠣᠯᠲᠠᠯ᠎ᠠ ᠨᠡᠮᠡᠭᠳᠡᠭᠦᠯᠦᠨ᠎ᠡ᠃ ︽ᠬᠠᠮ ᠠᠷᠭ᠎ᠠ︾ ᠪᠠᠷ ᠬᠦᠴᠦᠯᠡᠨ ᠴᠢᠷᠮᠠᠶᠢᠭᠰᠠᠨ ᠢᠶᠠᠷ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠨᠢᠭᠡᠨᠲᠡ ᠠᠯᠬᠤᠮ ᠠᠯᠬᠤᠮ ᠢᠶᠠᠷ ᠢᠯᠡᠷᠬᠡᠢ ᠪᠣᠯᠪᠠ᠃ ︽10 ᠳ᠋ᠤᠭᠠᠷ ᠰᠠᠷ᠎ᠠ ᠠᠴᠠ ᠨᠠᠰᠢ ᠰᠢᠨ᠎ᠡ ᠭᠡᠷ ᠪᠠᠶᠢᠰᠢᠩ ᠪᠣᠯᠣᠨ ᠭᠠᠷ ᠳᠠᠮᠵᠢᠭᠰᠠᠨ ᠭᠡᠷ ᠪᠠᠶᠢᠰᠢᠩ ᠤᠨ ᠠᠷᠠᠯᠵᠢᠶ᠎ᠠ ᠶᠡᠭᠡ ᠬᠡᠮᠵᠢᠶ᠎ᠡ ᠪᠠᠷ ᠨᠡᠮᠡᠭᠳᠡᠵᠦ᠂ ᠵᠠᠬ᠎ᠠ ᠳᠡᠯᠭᠡᠭᠦᠷ ᠲᠤ ᠢᠳᠡᠪᠬᠢᠲᠡᠢ ᠪᠠᠷ ᠣᠷᠣᠵᠤ᠂ ᠡᠩ ᠤᠨ ᠲᠠᠸᠠᠷ ᠤᠨ ᠭᠡᠷ ᠪᠠᠶᠢᠰᠢᠩ ᠤᠨ ᠠᠰᠠᠷ ᠤᠨ ᠪᠣᠷᠣᠯᠠᠭᠤᠯᠤᠯᠲᠠ  ᠶᠢ ᠳᠠᠶᠢᠴᠢᠯᠠᠭᠰᠠᠨ ᠠᠴᠠ ᠶᠡᠭᠡ ᠬᠤᠲᠠ ᠶᠢᠨ ᠭᠠᠵᠠᠷ ᠰᠢᠷᠣᠢ ᠶᠢᠨ ᠵᠠᠬ᠎ᠠ ᠳᠡᠯᠭᠡᠭᠦᠷ ᠲᠤ ᠴᠦ ᠰᠠᠶᠢᠵᠢᠷᠠᠬᠤ ᠪᠠᠶᠢᠳᠠᠯ ᠭᠠᠷᠴᠠᠢ︾ ᠭᠡᠵᠦ ᠵᠧᠵᠢᠶᠠᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠢ ᠰᠢᠶᠣᠣ ᠹᠧᠨ ᠬᠡᠯᠡᠪᠡ᠃            ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠭᠰᠠᠨ ᠨᠢ ᠬᠡᠳᠦᠢ ᠶᠡᠭᠡ ᠠᠰᠢᠭ ᠲᠤᠰᠠ ᠲᠠᠢ ᠪᠤᠶ︖            ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠳᠡᠳ᠋ ᠳᠠᠷᠤᠭ᠎ᠠ ᠲᠤᠸ ᠯᠢᠩ᠂ ᠵᠢᠱᠢᠯᠲᠡ ᠪᠠᠷ ᠣᠯᠠᠩᠬᠢ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 10 ᠳ᠋ᠤᠭᠠᠷ ᠰᠠᠷ᠎ᠠ ᠶᠢᠨ 25 ᠤ ᠡᠳᠦᠷ ᠪᠥᠭᠡᠮ ᠢᠶᠠᠷ ᠲᠣᠬᠢᠷᠠᠭᠤᠯᠤᠯᠲᠠ ᠬᠢᠬᠦ ᠶᠢ ᠪᠡᠶᠡᠯᠡᠭᠦᠯᠵᠦ᠂ ᠬᠡᠰᠡᠭ ᠳᠤᠮᠳᠠ ᠪᠠᠭ᠎ᠠ ᠪᠠᠩᠬᠢ ᠶᠢᠨ ᠲᠣᠬᠢᠷᠠᠭᠤᠯᠤᠯᠲᠠ ᠶᠢ ᠪᠡᠶᠡᠯᠡᠭᠦᠯᠬᠦ ᠴᠠᠭ ᠨᠢ ᠪᠠᠭ᠋ᠠᠨ ᠣᠷᠦ᠋ᠢᠲᠠᠵᠤ ᠮᠡᠳᠡᠨ᠎ᠡ᠂ ᠵᠢᠱᠢᠯᠲᠡ ᠪᠠᠷ 10 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠨ ᠢ ᠳᠠᠭᠤᠰᠬᠠᠬᠤ ᠪᠣᠯᠣᠨ᠎ᠠ᠃ ︽ᠵᠢᠱᠢᠯᠲᠡ ᠪᠠᠷ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠳᠤᠮᠳᠠᠴᠢ ᠪᠠᠷ 0.5 ᠵᠠᠭᠤᠨ ᠤ ᠨᠢᠭᠡᠴᠢ ᠣᠷᠴᠢᠮ ᠪᠠᠭᠤᠷᠠᠭᠤᠯᠵᠤ᠂ ᠬᠦᠦ ᠮᠥᠩᠭᠦ ᠶᠢᠨ ᠵᠠᠷᠤᠯᠭ᠎ᠠ ᠶᠢ ᠶᠡᠷᠦᠩᠬᠡᠢ ᠳᠡᠭᠡᠨ 1500 ᠳ᠋ᠦᠩᠰᠢᠭᠤᠷ ᠲᠥᠭᠦᠷᠢᠭ ᠠᠷᠪᠢᠯᠠᠵᠤ᠂ 5000 ᠲᠦᠮᠡᠨ ᠡᠷᠦᠬᠡ ᠭᠡᠷ ᠪᠦᠯᠢ᠂ 1.5 ᠳ᠋ᠦᠩᠰᠢᠭᠤᠷ ᠰᠠᠭᠤᠭᠠᠯᠢ ᠠᠷᠠᠳ ᠲᠤ ᠠᠰᠢᠭ ᠬᠦᠷᠲᠡᠭᠡᠬᠦ ᠪᠣᠯᠣᠨ᠎ᠠ︾ ᠭᠡᠵᠦ ᠲᠠᠨᠢᠯᠴᠠᠭᠤᠯᠵᠠᠢ᠃ ᠪᠡᠭᠡᠵᠢᠩ ᠢᠶᠠᠷ ᠵᠢᠱᠢᠶᠡᠯᠡᠵᠦ ᠬᠡᠯᠡᠬᠦ ᠳᠤ᠂ ᠤᠤᠯ ᠤᠨ ᠭᠡᠷ ᠪᠠᠶᠢᠰᠢᠩ ᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢ 4.4% ᠪᠠᠶᠢᠪᠠᠯ᠂ ᠬᠦᠦ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ 3.55%᠂ 100 ᠲᠦᠮᠡᠨ ᠲᠥᠭᠦᠷᠢᠭ ᠤᠨ 25 ᠵᠢᠯ ᠤᠨ ᠬᠤᠭᠤᠴᠠᠭ᠎ᠠ ᠲᠠᠢ ᠲᠡᠩᠴᠡᠭᠦᠦ ᠲᠣᠭᠠᠨ ᠤ ᠡᠬᠡ ᠬᠦᠦ ᠮᠥᠩᠭᠦ ᠶᠢ ᠪᠤᠴᠠᠭᠠᠬᠤ ᠭᠡᠷ ᠪᠠᠶᠢᠰᠢᠩ ᠤᠨ ᠵᠢᠭᠡᠯᠡᠯᠭᠡ ᠳᠤ ᠰᠠᠷ᠎ᠠ ᠪᠦᠷᠢ 469 ᠲᠥᠭᠦᠷᠢᠭ ᠳᠤᠲᠠᠭᠤ ᠥᠭᠴᠦ᠂ ᠬᠦᠦ ᠮᠥᠩᠭᠦ ᠶᠢᠨ ᠵᠠᠷᠤᠯᠭ᠎ᠠ ᠶᠢ ᠨᠡᠶᠢᠲᠡ 14 ᠲᠦᠮᠡᠨ ᠲᠥᠭᠦᠷᠢᠭ ᠠᠴᠠ ᠢᠯᠡᠭᠦᠦ ᠠᠷᠪᠢᠯᠠᠵᠠᠢ᠃ ᠡᠩ ᠤᠨ ᠣᠷᠣᠨ ᠰᠠᠭᠤᠴᠠ ᠪᠠ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ ᠪᠣᠯᠭᠠᠬᠤ ᠲᠥᠷᠥ ᠶᠢᠨ ᠪᠣᠳᠣᠯᠭ᠎ᠠ ᠳᠤ ᠴᠢᠭᠯᠡᠭᠦᠯᠦᠨ᠂ ᠡᠳ᠋ ᠤᠨ ᠵᠠᠰᠠᠭ ᠤᠨ ᠶᠠᠮᠤᠨ ᠤ ᠰᠠᠶᠢᠳ ᠤᠨ ᠲᠤᠰᠠᠯᠠᠭᠴᠢ ᠰᠥᠩ ᠴᠢ ᠴᠤᠸ᠂ ᠣᠳᠣᠬᠠᠨ ᠳᠤ ᠡᠩ ᠤᠨ ᠣᠷᠣᠨ ᠰᠠᠭᠤᠴᠠ ᠪᠠ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ ᠪᠣᠯᠭᠠᠬᠤ ᠲᠠᠢ ᠵᠣᠯᠭᠠᠯᠳᠤᠭᠤᠯᠬᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠱᠠᠯᠠᠪᠳᠠᠨ ᠰᠤᠳᠤᠯᠵᠤ ᠲᠣᠳᠣᠷᠬᠠᠶᠢᠯᠠᠵᠤ ᠪᠠᠶᠢᠨ᠎ᠠ᠃ ᠡᠲᠡᠭᠡᠷ ᠲᠥᠷᠥ ᠶᠢᠨ ᠪᠣᠳᠣᠯᠭ᠎ᠠ ᠨᠢ ᠬᠤᠯᠪᠣᠭᠳᠠᠯ ᠪᠦᠬᠦᠢ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠲᠣᠬᠢᠷᠠᠭᠤᠯᠤᠯ ᠡᠵᠡᠮᠳᠡᠯ ᠤᠨ ᠠᠶᠢᠵᠠᠮ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠶᠢᠨ ᠪᠠᠶᠢᠳᠠᠯ ᠢ ᠨᠢᠭᠡᠳᠦᠯᠲᠡᠢ ᠲᠥᠯᠥᠪᠯᠡᠨ ᠡᠵᠡᠮᠳᠡᠵᠦ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠲᠣᠬᠢᠷᠠᠭᠤᠯᠤᠯᠲᠠ ᠬᠢᠬᠦ ᠪᠣᠯᠣᠨ᠎ᠠ︔ ᠣᠷᠣᠨ ᠨᠤᠲᠤᠭ ᠲᠤ ᠵᠣᠬᠢᠬᠤ ᠬᠡᠮᠵᠢᠶᠡᠨ ᠤ ᠡᠵᠡᠨ ᠮᠡᠳᠡᠬᠦ ᠡᠷᠬᠡ ᠣᠯᠭᠤᠵᠤ᠂ ᠲᠦᠷᠦ ᠶᠢᠨ ᠪᠣᠳᠣᠯᠭ᠎ᠠ ᠶᠢᠨ ᠲᠣᠭᠲᠠᠭᠤᠨ ᠴᠢᠨᠠᠷ ᠪᠠ ᠭᠤᠣᠯᠴᠢ ᠴᠢᠨᠠᠷ ᠢ ᠪᠠᠲᠤᠯᠠᠨ᠎ᠠ︔ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠪᠠ ᠭᠡᠷ ᠪᠠᠶᠢᠰᠢᠩ ᠬᠤᠳᠠᠯᠳᠤᠨ ᠠᠪᠤᠭᠴᠢ ᠶᠢᠨ ᠳᠠᠷᠤᠭᠠᠰᠤ ᠶᠢ ᠪᠦᠲᠦᠮᠵᠢᠲᠡᠶ ᠪᠠᠭᠤᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠣᠭᠲᠠᠪᠤᠷᠢᠵᠢᠭᠤᠯᠬᠤ ᠶᠢ ᠠᠬᠢᠭᠤᠯᠤᠨ᠎ᠠ᠃ ᠪᠣᠳᠠᠲᠠᠢ ᠲᠥᠷᠥ ᠶᠢᠨ ᠪᠣᠳᠣᠯᠭ᠎ᠠ ᠨᠢ ᠣᠳᠣ ᠶᠠᠭ ᠬᠤᠯᠪᠣᠭᠳᠠᠯ ᠪᠦᠬᠦᠢ ᠵᠢᠷᠤᠮ ᠢ ᠱᠠᠯᠠᠪᠳᠠᠨ ᠬᠡᠷᠡᠭᠵᠢᠭᠦᠯᠵᠦ ᠪᠠᠶᠢᠨ᠎ᠠ ᠭᠡᠪᠡ᠃᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠭᠤᠷᠪᠠᠨ ᠵᠢᠯ ᠤᠨ ᠲᠣᠬᠢᠷᠠᠭᠤᠯᠤᠯᠲᠠ ᠬᠢᠬᠦ ᠪᠠᠷ ᠳᠡᠮᠵᠢᠨ᠂ ᠰᠢᠷᠢᠰ ᠲᠥᠷᠥ ᠶᠢᠨ ᠪᠣᠳᠣᠯᠭ᠎ᠠ ᠶᠢᠨ ᠦᠢᠯᠡᠳᠦᠯ ᠳᠣᠣᠷ᠎ᠠ ᠨᠢᠭᠡᠨᠲᠡ ᠰᠠᠭᠤᠷᠢ ᠶᠢ ᠡᠬᠢᠯᠡᠨ ᠪᠠᠶᠢᠭᠤᠯᠵᠠᠢ᠂ ︽10 ᠳ᠋ᠤᠭᠠᠷ ᠰᠠᠷ᠎ᠠ ᠶᠢᠨ ᠲᠤᠭ᠎ᠠ ᠪᠠᠷᠢᠮᠲᠠ ᠪᠣᠯ ᠨᠢᠭᠡᠨ ᠢᠳᠡᠪᠬᠢᠲᠡᠢ ᠪᠥᠭᠡᠳ ᠪᠠᠶᠠᠰᠤᠩᠭᠤᠢ ᠦᠷ᠎ᠡ ᠳ᠋ᠦᠩ ᠮᠥᠨ ᠭᠡᠵᠦ ᠪᠢᠳᠡ ᠮᠠᠭᠠᠳᠯᠠᠵᠤ ᠪᠠᠶᠢᠨ᠎ᠠ︾᠃  ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ 70 ᠲᠣᠮᠣ ᠳᠤᠮᠳᠠ ᠬᠤᠲᠠ ᠶᠢᠨ 9 ᠳ᠋ᠦ᠋ᠭᠡᠷ ᠰᠠᠷ᠎ᠠ ᠶᠢᠨ ᠬᠤᠷᠢᠳ ᠢᠶᠠᠷ ᠥᠷᠨᠢᠭᠦᠯᠦᠭᠰᠡᠨ ᠰᠠᠷ᠎ᠠ ᠶᠢᠨ ᠭᠡᠷ ᠪᠠᠶᠢᠰᠢᠩ ᠤᠨ ᠦᠨ᠎ᠡ ᠶᠢᠨ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠢᠷᠡᠬᠦ ᠬᠠᠭᠠᠰ ᠵᠢᠯ ᠳᠤ ᠰᠢᠨ᠎ᠡ ᠪᠠᠷ ᠪᠠᠶᠢᠭᠤᠯᠬᠤ ᠲᠠᠸᠠᠷ ᠤᠨ ᠣᠷᠣᠨ ᠰᠠᠭᠤᠴᠠ ᠪᠠ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠣᠭᠲᠠᠪᠤᠷᠢᠲᠠᠢ ᠪᠠᠶᠢᠬᠤ ᠪᠤᠶᠤ ᠥᠰᠬᠦ ᠪᠠᠷ ᠵᠢᠱᠢᠵᠦ ᠪᠠᠶᠢᠭ᠎ᠠ ᠰᠣᠷᠪᠤᠯᠵᠢᠯᠠᠭ᠎ᠠ ᠬᠦᠯᠢᠶᠡᠭᠰᠡᠳ ᠤᠨ ᠡᠵᠡᠯᠡᠬᠦ ᠬᠠᠷᠢᠴᠠᠯ ᠨᠢ ᠲᠣᠰ ᠲᠣᠰ 58.3% ᠪᠠ 45.4% ᠪᠠᠶᠢᠵᠤ᠂ ᠲᠦᠷᠦᠭᠦᠸ ᠰᠠᠷ᠎ᠠ ᠶᠢᠨ ᠪᠠᠶᠢᠴᠠᠭᠠᠯᠲᠠ ᠶᠢᠨ ᠳ᠋ᠦᠩ ᠲᠠᠢ ᠬᠠᠷᠢᠴᠠᠭᠤᠯᠪᠠᠯ᠂ ᠲᠣᠰ ᠲᠣᠰ 10 % ᠪᠠ 6.5 % ᠢᠶᠠᠷ ᠳᠡᠭᠡᠭᠰᠢᠯᠡᠵᠡᠢ ᠭᠡᠵᠦ ᠣᠷᠣᠨ ᠰᠠᠭᠤᠴᠠ ᠶᠢᠨ ᠶᠠᠮᠤᠨ ᠤ ᠰᠠᠶᠢᠳ ᠨᠢ ᠬᠤᠩ ᠢᠯᠡᠷᠬᠡᠶᠢᠯᠡᠪᠡ᠃           ᠪᠠᠲᠤᠯᠠᠭᠠᠲᠤ ᠲᠤᠰᠢᠶᠠᠬᠤ ᠣᠷᠣᠨ ᠰᠠᠭᠤᠴᠠ ᠶᠢᠨ ᠠᠵᠢᠯ ᠤᠨ ᠠᠬᠢᠴᠠ ᠶᠠᠮᠠᠷ ᠵᠡᠷᠭᠡ ᠪᠤᠢ︖            - ᠨᠢᠭᠡᠨᠲᠡ 246 ᠲᠦᠮᠡᠨ ᠢᠵᠢ ᠶᠢ ᠲᠤᠰᠢᠶᠠᠵᠤ᠂ ︽ᠴᠠᠭᠠᠨ ᠨᠡᠷᠡᠰ︾ ᠤᠨ ᠲᠥᠷᠥᠯ ᠵᠦᠢᠯ ᠢ ᠨᠢᠭᠡᠨᠲᠡ ᠬᠢᠨᠠᠨ ᠵᠥᠪᠰᠢᠶᠡᠷᠡᠵᠦ ᠪᠠᠲᠤᠯᠠᠭᠠᠳ 2.23 ᠲᠦᠮᠡᠨ ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠵᠣᠭᠤᠰ ᠢ ᠨᠠᠶᠢᠳᠠᠪᠤᠷᠢᠵᠢᠭᠤᠯᠵᠠᠢ          ᠪᠠᠲᠤᠯᠠᠭᠠᠲᠤ ᠲᠤᠰᠢᠶᠠᠬᠤ ᠭᠡᠷ ᠪᠠᠶᠢᠰᠢᠩ ᠪᠣᠯ ᠭᠡᠷ ᠪᠠᠶᠢᠰᠢᠩ ᠭᠠᠵᠠᠷ ᠬᠥᠷᠥᠩᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠣᠭᠲᠠᠪᠤᠷᠢᠵᠢᠭᠤᠯᠬᠤ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠃ ᠭᠡᠷ ᠪᠠᠶᠢᠰᠢᠩ ᠬᠤᠳᠠᠯᠳᠤᠨ ᠠᠪᠤᠭᠴᠢ ᠶᠢᠨ ᠠᠮᠤᠷ ᠲᠦᠪᠰᠢᠨ ᠤ ᠲᠤᠬᠠᠢ ᠡᠷᠡᠭᠡᠯᠵᠡᠭᠡ ᠶᠢ ᠬᠡᠷᠬᠢᠨ ᠠᠷᠢᠯᠭᠠᠬᠤ ᠪᠣᠶ︖ ᠲᠠᠷᠠᠭᠠᠴᠢ ᠶᠢᠨ ᠠᠯᠬᠤᠮ ᠳᠤ᠂ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖            ᠣᠳᠣᠬᠠᠨ ᠳᠤ᠂ ᠪᠠᠲᠤᠯᠠᠭᠠᠲᠤ ᠲᠤᠰᠢᠶᠠᠬᠤ ᠣᠷᠣᠨ ᠰᠠᠭᠤᠴᠠ ᠶᠢᠨ ᠪᠣᠭᠤᠮᠲᠠ ᠰᠢᠪᠲᠤᠯᠬᠤ ᠠᠵᠢᠯ ᠢ ᠬᠦᠴᠦᠲᠡᠢ ᠠᠬᠢᠭᠤᠯᠵᠤ᠂ ᠨᠢᠭᠡᠨᠲᠡ 246 ᠲᠦᠮᠡᠨ ᠢᠵᠢ ᠶᠢ ᠲᠤᠰᠢᠶᠠᠨ ᠥᠭᠴᠡᠢ᠃ ᠭᠠᠨᠰᠤ᠂ ᠹᠦᠵᠢᠶᠠᠨ᠂ ᠴᠦᠩᠴᠢᠩ ᠤᠨ ᠲᠤᠰᠢᠶᠠᠨ ᠥᠭᠭᠦᠭᠰᠡᠨ ᠨᠤᠷᠮ᠎ᠠ ᠠᠷᠪᠠᠨ ᠤ ᠲᠤᠯᠤᠭᠠᠨ ᠬᠤᠪᠢ ᠶᠢ ᠳᠠᠪᠠᠵᠤ᠂ ᠵᠢᠶᠠᠩᠰᠢ ᠶᠢᠨ ᠱᠠᠩ ᠷᠣᠣ᠂ ᠭᠦᠢᠵᠧᠦ ᠶᠢᠨ ᠲᠦᠩ ᠷᠧᠨ ᠵᠡᠷᠭᠡ ᠬᠤᠳᠠ ᠶᠢᠨ ᠲᠤᠰᠢᠶᠠᠨ ᠥᠭᠭᠦᠭᠰᠡᠨ ᠨᠤᠷᠮ᠎ᠠ ᠠᠷᠪᠠᠨ ᠤ ᠨᠠᠢᠮᠠᠨ ᠬᠤᠪᠢ ᠶᠢ ᠳᠠᠪᠠᠵᠠᠢ᠃ ᠲᠤᠮᠳᠠᠳᠦ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯᠳᠤᠭᠠᠨ ᠠᠴᠠ ︽︿ᠴᠠᠭᠠᠨ ᠨᠡᠷᠡᠰ﹀ ᠤᠨ ᠲᠦᠷᠦᠯ ᠵᠦᠢᠯ ᠤᠨ ᠵᠢᠭᠡᠯᠡᠯᠭᠡ ᠶᠢᠨ ᠡᠷᠴᠢᠮ ᠢ ᠴᠢᠩᠭᠠᠷᠠᠭᠤᠯᠤᠨ᠎ᠠ ᠭᠡᠵᠦ ᠵᠢᠭᠠᠨ ᠭᠠᠷᠭᠠᠪᠠ᠃ 10 ᠳ᠋ᠤᠭᠠᠷ ᠰᠠᠷ᠎ᠠ ᠶᠢᠨ 16 ᠤ ᠡᠳᠦᠷ ᠪᠣᠯᠲᠠᠯ᠎ᠠ᠂ ︽ᠴᠠᠭᠠᠨ ᠨᠡᠷᠡᠰ﹀ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠯ ᠢᠶᠠᠷ ᠪᠠᠲᠤᠯᠠᠭᠳᠠᠭᠰᠠᠨ ᠵᠢᠭᠡᠯᠡᠯᠭᠡ 2.23 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ᠃ ︽ᠣᠳᠣᠬᠠᠨ ᠳᠤ ᠲᠠᠸᠠᠷ ᠤᠨ ᠣᠷᠣᠨ ᠰᠠᠭᠤᠴᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠵᠢᠭᠡᠯᠡᠯᠭᠡ ᠶᠢᠨ ᠲᠦᠷᠦᠯ ᠵᠦᠢᠯ ᠪᠦᠬᠦᠨ ᠢᠶᠠᠷ ᠢᠶᠠᠨ ︿ᠴᠠᠭᠠᠨ ᠨᠡᠷᠡᠰ﹀ ᠳᠤ ᠣᠷᠣᠭᠤᠯᠬᠤ ᠨᠥᠬᠦᠴᠡᠯ ᠢ ᠪᠦᠷᠢᠯᠳᠦᠭᠦᠯᠵᠡᠢ︾᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠰᠢᠶᠣᠣ ᠶᠤᠸᠠᠨ ᠴᠢ ᠢᠯᠡᠷᠬᠡᠶᠢᠯᠡᠬᠦ ᠳᠡᠭᠡᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ ᠪᠡᠯᠡ ᠲᠣᠬᠢᠷᠠᠭᠤᠯᠭ᠎ᠠ ᠶᠢ ᠰᠠᠶᠢᠲᠤᠷ ᠬᠢᠵᠦ᠂ ᠭᠡᠷ ᠪᠠᠶᠢᠰᠢᠩ ᠪᠠᠷᠢᠵᠤ ᠳᠠᠭᠤᠰᠬᠠᠨ ᠲᠤᠰᠢᠶᠠᠵᠤ ᠥᠭᠬᠦ ᠶᠢ ᠪᠠᠲᠤᠯᠠᠬᠤ ᠶᠢᠨ ᠲᠥᠯᠥᠭᠡ᠂ ᠭᠡᠷ ᠪᠠᠶᠢᠰᠢᠩ ᠭᠠᠵᠠᠷ ᠬᠥᠷᠥᠩᠭᠡ ᠶᠢᠨ ︽ᠴᠠᠭᠠᠨ ᠨᠡᠷᠡᠰ︾ ᠤᠨ ᠲᠦᠷᠦᠯ ᠵᠦᠢᠯ ᠤᠨ ᠪᠡᠯᠡ ᠲᠣᠬᠢᠷᠠᠭᠤᠯᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠢᠷᠢ ᠲᠡᠩᠴᠡᠭᠰᠡᠨ ᠲᠦᠷᠦᠯ ᠵᠦᠢᠯ ᠤᠨ ︽ᠣᠷᠣᠭᠤᠯᠬᠤ ᠶᠣᠰᠣᠲᠠᠢ ᠶᠢ ᠨᠢ ᠴᠥᠮ ᠣᠷᠣᠭᠤᠯᠬᠤ︾᠂ ︽ᠴᠠᠭᠠᠨ ᠨᠡᠷᠡᠰ︾  ᠳᠤ ᠣᠷᠣᠭᠰᠠᠨ ᠲᠦᠷᠦᠯ ᠵᠦᠢᠯ ᠤᠨ ︽ᠵᠢᠭᠡᠯᠡᠭᠦᠯᠬᠦ ᠶᠣᠰᠣᠲᠠᠢ ᠳᠤᠨᠢ ᠴᠥᠮ ᠵᠢᠭᠡᠯᠡᠭᠦᠯᠬᠦ︾ ᠶᠢ ᠪᠡᠶᠡᠯᠡᠭᠦᠯᠵᠡᠢ ᠭᠡᠵᠡᠢ᠃ ᠭᠤᠸᠠᠩᠳᠦ᠋ᠩ ᠮᠤᠵᠢ ᠶᠢᠨ ᠣᠷᠣᠨ ᠰᠠᠭᠤᠴᠠ ᠪᠠ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠲᠥᠪ ᠤᠨ ᠲᠡᠷᠢᠭᠦᠨ ᠰᠤᠳᠤᠯᠤᠭᠴᠢ ᠯᠢ ᠢᠦᠢ ᠵᠢᠶᠠ ᠵᠠᠳᠠᠯᠬᠤ ᠳᠠᠭᠠᠨ᠂ ᠡᠨᠡ ᠬᠦ ᠠᠷᠭ᠎ᠠ ᠬᠡᠮᠵᠢᠶ᠎ᠡ ᠶᠢ ᠠᠪᠤᠪᠠᠯ᠂ ᠣᠷᠣᠨ ᠰᠠᠭᠤᠴᠠ ᠶᠢᠨ ᠠᠵᠤ ᠠᠬᠤᠶᠢᠯᠠᠯ ᠤᠨ ᠪᠡᠯᠡ ᠮᠥᠩᠭᠦᠨ ᠤ ᠬᠡᠯᠬᠢᠶ᠎ᠡ ᠶᠢᠨ ᠪᠠᠴᠢᠮ ᠪᠠᠶᠢᠳᠠᠯ ᠢ ᠨᠠᠮᠳᠠᠭᠤᠯᠵᠤ᠂ ᠠᠶᠤᠯ ᠲᠦᠭᠰᠢᠭᠦᠷᠢ ᠶᠢ ᠬᠢᠵᠠᠭᠠᠷᠯᠠᠵᠤ᠂ ᠵᠠᠬ᠎ᠠ ᠳᠡᠯᠭᠡᠭᠦᠷ ᠤᠨ ᠢᠲᠡᠭᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃ ᠪᠡᠯᠡ ᠮᠥᠩᠭᠦ ᠶᠢ ᠰᠢᠶᠳᠪᠦᠷᠢᠯᠡᠴᠢᠭᠰᠡᠨ ᠴᠦ ᠠᠬᠢᠴᠠ ᠶᠢ ᠨᠢ ᠠᠳᠬᠤᠵᠤ᠂ ᠶᠠᠰᠤ ᠴᠢᠨᠠᠷ ᠢ ᠨᠢ ᠠᠳᠬᠤᠵᠤ᠂ ᠠᠷᠠᠳ ᠢᠷᠭᠡᠳ ᠲᠤ ᠡᠷᠲᠡᠬᠡᠨ ᠭᠡᠷ ᠪᠠᠶᠢᠰᠢᠩ ᠪᠠᠷᠢᠭᠤᠯᠬᠤ ᠬᠡᠷᠡᠭᠲᠡᠢ ᠭᠡᠵᠡᠢ᠃             ᠵᠠᠯᠭᠠᠭᠠᠳ ᠪᠥᠬᠦ ᠤᠯᠤᠰ ᠤᠨ ᠪᠠᠲᠤᠯᠠᠭᠠᠲᠤ ᠲᠤᠰᠢᠶᠠᠬᠤ ᠣᠷᠣᠨ ᠰᠠᠭᠤᠴᠠ ᠶᠢᠨ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠭᠤᠯᠤᠨ᠂ ᠲᠤᠰᠢᠶᠠᠬᠤ ᠡᠭᠦᠷᠭᠡ ᠨᠢᠭᠡᠪᠦᠷᠢ ᠶᠢ ᠴᠥᠮ ᠳᠡᠩᠰᠡᠯᠡᠨ ᠺᠠᠷᠲᠯᠠᠵᠤ᠂ ᠲᠤᠰᠢᠶᠠᠬᠤ ᠪᠠ ᠳ᠋ᠤᠭᠠᠷᠯᠠᠬᠤ ᠶᠢ ᠭᠦᠢᠴᠡᠳᠬᠡᠨ᠎ᠡ︔ ᠪᠠᠲᠤᠯᠠᠭᠠᠲᠤ ᠲᠤᠰᠢᠶᠠᠬᠤ  ᠣᠷᠣᠨ ᠰᠠᠭᠤᠴᠠ ᠶᠢᠨ ᠲᠥᠷᠥᠯ ᠵᠦᠢᠯ ᠢ ᠭᠡᠷ ᠪᠠᠶᠢᠰᠢᠩ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠭᠤᠣᠯᠳᠠᠯᠭ᠎ᠠ ᠪᠣᠯᠭᠠᠵᠤ᠂ ᠭᠡᠷ ᠪᠠᠶᠢᠰᠢᠩ ᠢ ᠪᠠᠶᠢᠭᠤᠯᠵᠤ ᠳᠠᠭᠤᠰᠬᠠᠬᠤ ᠪᠠᠷ ᠪᠠᠷᠠᠬᠤ ᠦᠭᠡᠢ ᠪᠠᠰᠠ ᠭᠡᠷ ᠪᠠᠶᠢᠰᠢᠩ ᠢ ᠰᠠᠶᠢᠲᠤᠷ ᠪᠠᠶᠢᠭᠤᠯᠵᠤ᠂ ᠰᠢᠯᠭᠠᠨ ᠠᠪᠬᠤ ᠳᠤ ᠬᠢᠷᠢ ᠲᠡᠩᠴᠡᠭᠰᠡᠨ ᠭᠡᠷ ᠪᠠᠶᠢᠰᠢᠩ ᠢ ᠭᠡᠷ ᠪᠠᠶᠢᠰᠢᠩ ᠬᠤᠳᠠᠯᠳᠤᠨ ᠠᠪᠤᠭᠴᠢ ᠳᠤ ᠲᠤᠰᠢᠶᠠᠬᠤ ᠬᠡᠷᠡᠭᠲᠡᠢ ᠭᠡᠵᠦ ᠨᠢ ᠬᠤᠩ ᠢᠯᠡᠷᠬᠡᠶᠢᠯᠡᠪᠡ᠃      ᠣᠷᠣᠨ ᠰᠠᠭᠤᠴᠠ ᠶᠢᠨ ᠪᠠᠲᠤᠯᠠᠭ᠎ᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠬᠡᠷᠬᠢᠨ ᠰᠠᠬᠢᠬᠤ ᠪᠤᠢ︖            - ᠡᠨᠡ ᠵᠢᠯ ᠤᠨ ᠲᠦᠷᠦᠭᠦᠦ 9 ᠰᠠᠷ᠎ᠠ ᠳᠤ ᠨᠢᠭᠡᠨᠲᠡ 148 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠴᠤᠭᠯᠠᠭᠤᠯᠵᠤ᠂ ᠵᠢᠯ ᠤᠨ ᠡᠴᠦᠰ ᠠᠴᠠ ᠡᠮᠦᠨ᠎ᠡ 450 ᠲᠦᠮᠡᠨ ᠰᠢᠨ᠎ᠡ ᠬᠤᠳᠠ ᠶᠢᠨ ᠠᠷᠠᠳ ᠢ ᠰᠠᠭᠤᠯᠭᠠᠵᠤ ᠪᠣᠯᠣᠨ᠎ᠠ             ᠵᠠᠷᠢᠮ ᠰᠢᠨ᠎ᠡ ᠬᠤᠳᠠ ᠶᠢᠨ ᠠᠷᠠᠳ᠂ ᠵᠠᠯᠠᠭᠤᠴᠤᠳ ᠲᠤ ᠠᠪᠴᠤ ᠬᠡᠯᠡᠪᠡᠯ᠂ ᠣᠬᠤᠷᠬᠠᠨ ᠬᠤᠭᠤᠴᠠᠭᠠᠨ ᠳᠤ ᠵᠣᠭᠤᠰ ᠢᠶᠠᠨ ᠴᠤᠭᠯᠠᠭᠤᠯᠵᠤ ᠭᠡᠷ ᠪᠠᠶᠢᠰᠢᠩ ᠬᠤᠳᠠᠯᠳᠤᠨ ᠠᠪᠬᠤ ᠳᠤ ᠮᠠᠰᠢ ᠬᠦᠴᠢᠷᠲᠡᠢ᠂ ᠲᠦᠷᠢᠶᠡᠰᠦᠯᠡᠬᠦ ᠵᠠᠬ᠎ᠠ ᠳᠡᠯᠭᠡᠭᠦᠷ ᠲᠤ ᠪᠠᠰᠠ ᠲᠦᠷᠢᠶᠡᠰᠦᠨ ᠮᠥᠩᠭᠦ ᠥᠨᠳᠥᠷ᠂ ᠲᠦᠷᠢᠶᠡᠰᠦᠯᠡᠬᠦ ᠬᠠᠷᠢᠴᠠᠭ᠎ᠠ ᠲᠣᠭᠲᠠᠭᠤᠨ ᠪᠤᠰᠤ ᠵᠡᠷᠭᠡ ᠬᠦᠴᠢᠷᠳᠡᠯ ᠣᠷᠣᠰᠢᠵᠤ ᠪᠠᠶᠢᠨ᠎ᠠ᠂ ᠡᠳᠡᠭᠡᠷ ᠬᠠᠮᠲᠤᠯᠢᠭ ᠤᠨ ᠣᠷᠣᠨ ᠰᠠᠭᠤᠴᠠ ᠶᠢᠨ ᠠᠰᠠᠭᠤᠳᠠᠯ ᠢ ᠬᠡᠷᠬᠢᠨ ᠨᠡᠩ ᠰᠠᠶᠢᠨ ᠰᠢᠢᠳᠪᠦᠷᠢᠯᠡᠬᠦ ᠪᠤᠢ︖            ︽ᠰᠢᠨ᠎ᠡ ᠬᠤᠲᠠ ᠶᠢᠨ ᠠᠷᠠᠳ ᠪᠣᠯᠣᠨ ᠵᠠᠯᠠᠭᠤᠴᠤᠳ ᠤᠨ ᠣᠷᠣᠨ ᠰᠠᠭᠤᠴᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠲᠡᠳᠡᠨ ᠢ ᠠᠮᠤᠷ ᠲᠠᠶᠢᠪᠤᠩ ᠠᠵᠤ ᠲᠥᠷᠥᠭᠦᠯᠬᠦ ᠪᠣᠯ ᠬᠤᠲᠠ ᠶᠢᠨ ᠵᠠᠰᠠᠭ ᠤᠨ ᠣᠷᠳᠣᠨ ᠤ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠮᠥᠨ᠂ ᠪᠠᠰᠠ ᠴᠤ ᠬᠤᠲᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠮᠥᠨ᠂ ᠡᠯ᠎ᠡ ᠬᠤᠲᠠ ᠶᠢᠨ ᠵᠠᠰᠠᠭ ᠤᠨ ᠣᠷᠳᠣᠨ ᠲᠤᠬᠠᠢ  ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠪᠠᠨ ᠰᠢᠯᠢᠳᠡᠭᠵᠢᠭᠦᠯᠦᠨ ᠲᠡᠭᠦᠯᠳᠡᠷᠵᠢᠭᠦᠯᠬᠦ ᠶᠢᠨ ᠵᠡᠷᠭᠡ ᠳᠤ ᠡᠷᠬᠡᠪᠰᠢ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠷᠣᠨ ᠰᠠᠭᠤᠴᠠ ᠶᠢᠨ ᠪᠠᠲᠤᠯᠠᠭ᠎ᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠬᠤ ᠬᠡᠷᠡᠭᠲᠡᠢ︾᠃ ᠨᠢᠭᠡ ᠲᠠᠯ᠎ᠠ ᠪᠠᠷ ᠵᠠᠬ᠎ᠠ ᠳᠡᠯᠭᠡᠭᠦᠷ ᠢ ᠠᠳᠬᠤᠵᠤ᠂ ᠨᠦᠭᠦᠭᠡ ᠲᠠᠯ᠎ᠠ ᠪᠠᠷ ᠪᠠᠲᠤᠯᠠᠭ᠎ᠠ ᠶᠢ ᠠᠳᠬᠤᠨ᠎ᠠ᠃ ᠵᠠᠬ᠎ᠠ ᠳᠡᠯᠭᠡᠭᠦᠷ ᠢᠶᠠᠷ ᠳᠠᠮᠵᠢᠭᠤᠯᠤᠨ ᠣᠯᠠᠨ ᠲᠦᠮᠡᠨ ᠤ ᠣᠯᠠᠨ ᠶᠠᠩᠵᠤᠯᠠᠭᠰᠠᠨ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠨ ᠣᠯᠠᠨ ᠲᠦᠮᠡᠨ ᠤ ᠦᠨᠳᠦᠰᠦᠨ ᠣᠷᠣᠨ ᠰᠠᠭᠤᠴᠠ ᠶᠢᠨ ᠬᠡᠷᠡᠭᠴᠡᠭᠡ ᠶᠢ ᠪᠠᠲᠤᠯᠠᠨ᠎ᠠ᠃ ︽ᠪᠠᠲᠤᠯᠠᠭ᠎ᠠ ᠶᠢ ᠪᠠᠰᠠ ᠲᠦᠷᠢᠶᠡᠰᠦᠯᠡᠭᠦᠯᠬᠦ ᠪᠠ ᠬᠤᠳᠠᠯᠳᠤᠨ ᠠᠪᠬᠤ ᠭᠡᠵᠦ ᠬᠤᠶᠠᠷ ᠵᠦᠢᠯ ᠳᠤ ᠬᠤᠪᠢᠶᠠᠨ᠎ᠠ︾᠃ ᠣᠳᠣᠬᠠᠨ ᠳᠤ ᠣᠷᠣᠯᠭ᠎ᠠ ᠪᠠᠭᠠᠲᠠᠢ ᠪᠥᠭᠡᠳ ᠣᠷᠣᠨ ᠰᠠᠭᠤᠴᠠ ᠶᠢᠨ ᠬᠦᠴᠢᠷᠳᠡᠯ ᠲᠠᠢ ᠭᠡᠷ ᠪᠦᠯᠢ ᠶᠢᠨ ᠬᠢᠨ ᠣᠯᠠᠨ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠢᠶᠠᠷ ᠳᠡᠮᠵᠢᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠦᠨᠳᠦᠰᠦᠨ ᠳᠡᠭᠡᠨ ᠪᠡᠶᠡᠯᠡᠭᠦᠯᠵᠡᠢ᠂ ︽ᠰᠢᠨ᠎ᠡ ᠬᠤᠲᠠ ᠶᠢᠨ ᠠᠷᠠᠳ᠂ ᠵᠠᠯᠠᠭᠤᠴᠤᠳ ᠤᠨ ᠬᠡᠷᠡᠭᠴᠡᠭᠡ ᠳᠤ ᠴᠢᠭᠯᠡᠭᠦᠯᠦᠨ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠ ᠣᠯᠠᠨ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠢ ᠶᠡᠭᠡ ᠪᠠᠷ ᠬᠥᠭᠵᠢᠭᠦᠯᠵᠦ᠂ ︿ᠨᠢᠭᠡ ᠣᠷᠣ᠂ ᠨᠢᠭᠡ ᠲᠠᠰᠤᠯᠭ᠎ᠠ ᠦᠷᠦᠭᠡ᠂ ᠨᠢᠭᠡ ᠢᠵᠢ ᠭᠡᠷ ᠪᠠᠶᠢᠰᠢᠩ﹀ ᠵᠡᠷᠭᠡ ᠠᠷᠭ᠎ᠠ ᠮᠠᠶ᠋ᠢᠭ ᠢᠶᠠᠷ ᠲᠡᠳᠡᠨ ᠢ ︿ᠣᠷᠣᠵᠤ ᠳᠡᠶᠢᠯᠬᠦ᠂ ᠦᠯᠡᠳᠡᠵᠦ ᠳᠡᠶᠢᠯᠬᠦ᠂ ᠣᠷᠣᠨ ᠰᠠᠭᠤᠴᠠ ᠲᠠᠢ᠂ ᠠᠳᠠᠯ ᠦᠢᠯᠡᠰ ᠪᠦᠲᠦᠭᠡᠵᠦ ᠳᠡᠶᠢᠯᠬᠦ﹀ ᠪᠣᠯᠭᠠᠨ᠎ᠠ᠃ ᠵᠣᠬᠢᠬᠤ ᠬᠡᠮᠵᠢᠶᠡᠨ ᠤ ᠠᠵᠤ ᠠᠬᠤᠢ ᠶᠢᠨ ᠴᠢᠳᠠᠪᠤᠷᠢ ᠲᠠᠢ ᠪᠣᠯᠪᠠᠴᠤ ᠲᠠᠸᠠᠷ ᠤᠨ ᠭᠡᠷ ᠪᠠᠶᠢᠰᠢᠩ ᠬᠤᠳᠠᠯᠳᠤᠨ ᠠᠪᠬᠤ ᠳᠤ ᠲᠦᠷ ᠴᠠᠭ ᠪᠠᠰᠠ ᠬᠦᠴᠢᠷᠳᠡᠯ ᠲᠠᠢ ᠪᠠᠶᠢᠪᠠᠯ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠬᠤᠳᠠᠯᠳᠤᠨ ᠠᠪᠴᠤ ᠪᠣᠯᠣᠨ᠎ᠠ︾ ᠭᠡᠵᠡᠢ᠃            ᠡᠨᠡ ᠵᠢᠯ ᠤᠨ 1 ᠳ᠋ᠦ᠋ᠭᠡᠷ ᠰᠠᠷ᠎ᠠ ᠠᠴᠠ 9 ᠳ᠋ᠦ᠋ᠭᠡᠷ ᠰᠠᠷ᠎ᠠ ᠪᠣᠯᠲᠠᠯ᠎ᠠ᠂ ᠮᠠᠨ ᠤ ᠤᠯᠤᠰ ᠨᠢᠭᠡᠨᠲᠡ 148 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠴᠤᠭᠯᠠᠭᠤᠯᠵᠤ᠂ ᠵᠢᠯ ᠤᠨ ᠡᠴᠦᠰ ᠠᠴᠠ ᠡᠮᠦᠨ᠎ᠡ 450 ᠲᠦᠮᠡᠨ ᠰᠢᠨ᠎ᠡ ᠬᠤᠲᠠ ᠶᠢᠨ ᠠᠷᠠᠳ᠂ ᠵᠠᠯᠠᠭᠤᠴᠤᠳ ᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠣᠷᠣᠭᠤᠯᠵᠤ ᠪᠣᠯᠣᠨ᠎ᠠ᠃            ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠢᠷᠡᠭᠡᠳᠦᠢ ᠨᠢ ᠶᠠᠮᠠᠷ ᠪᠤᠢ︖            - ᠬᠠᠩᠭᠠᠯᠭ᠎ᠠ ᠬᠡᠷᠡᠭᠴᠡᠭᠡᠨ ᠤ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠨᠡᠮᠡᠭᠳᠡᠯ ᠵᠠᠬ᠎ᠠ ᠳᠡᠯᠭᠡᠭᠦᠷ ᠢ ᠦᠯᠡᠳᠡᠭᠡᠯ ᠪᠠ ᠬᠠᠳᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠲᠡᠰᠢ ᠰᠢᠯᠵᠢᠭᠦᠯᠵᠦ᠂ ᠲᠠᠯᠳᠠ ᠪᠥᠭᠡᠳ ᠪᠦᠲᠦᠮᠵᠢᠲᠡᠶ ᠬᠡᠷᠡᠭᠴᠡᠭᠡᠨ ᠤ ᠬᠡᠪᠴᠢᠶ᠎ᠡ ᠶᠢ ᠮᠥᠨ ᠬᠦ ᠨᠡᠯᠢᠶᠡᠳ ᠶᠡᠭᠡ ᠠᠯᠤᠰ ᠭᠡᠳᠤ ᠶᠢᠨ ᠪᠠᠶᠢᠳᠠᠯ ᠠᠴᠠ ᠦᠵᠡᠪᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠳᠤ ᠪᠠᠰᠠ ᠲᠠᠯᠳᠠ ᠬᠦᠴᠦᠨ ᠪᠠ ᠣᠷᠣᠨ ᠵᠠᠢ ᠪᠠᠶᠢᠨ᠎ᠠ ᠦᠦ︖                ᠣᠳᠣᠬᠠᠨ ᠳᠤ᠂ ᠮᠠᠨ ᠤ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠨᠡᠮᠡᠭᠳᠡᠯ ᠤᠨ ᠵᠠᠬ᠎ᠠ ᠳᠡᠯᠭᠡᠭᠦᠷ ᠢ ᠨᠡᠮᠡᠭᠳᠡᠭᠦᠯᠬᠦ ᠪᠠ ᠬᠠᠳᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠬᠡᠷᠡᠭᠲᠡᠢ ᠪᠠᠶᠢᠨ᠎ᠠ᠃ 2021 ᠣᠨ ᠳᠤ᠂ ᠮᠠᠨ ᠤ ᠤᠯᠤᠰ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠶ 40 ᠲᠡᠭᠰᠢ ᠳᠥᠷᠪᠡᠯᠵᠢᠨ ᠮᠧᠲᠷ ᠠᠴᠠ ᠳᠠᠪᠠᠵᠤ᠂ ᠨᠢᠭᠡᠨᠲᠡ ᠨᠡᠯᠢᠶᠡᠳ ᠥᠨᠳᠥᠷ ᠲᠦᠪᠰᠢᠨ ᠳᠤ ᠣᠷᠣᠰᠢᠵᠤ ᠪᠠᠶᠢᠨ᠎ᠠ᠂ ᠬᠥᠮᠥᠨ ᠠᠮᠠ ᠶᠢᠨ ᠪᠠᠭᠤᠷᠠᠯᠲᠠ ᠪᠠ ᠬᠤᠲᠠ ᠪᠠᠯᠭᠠᠰᠤᠵᠢᠯᠲᠠ ᠶᠢᠨ ᠬᠤᠷᠳᠤᠴᠠ ᠤᠳᠠᠭᠠᠰᠢᠷᠠᠵᠤ ᠪᠠᠶᠢᠨ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠡᠷᠡᠭᠴᠡᠭᠡ ᠱᠠᠭᠠᠷᠳᠠᠯᠭ᠎ᠠ 2021 ᠣᠨ ᠤ 18 ᠳ᠋ᠦᠩᠰᠢᠭᠤᠷ ᠲᠡᠭᠰᠢ ᠳᠥᠷᠪᠡᠯᠵᠢᠨ ᠮᠧᠲᠷ ᠤᠨ ᠪᠣᠷᠤᠯᠠᠭᠤᠯᠭ᠎ᠠ ᠶᠢᠨ ᠲᠠᠯᠠᠪᠠᠶ ᠶᠢᠨ ᠥᠨᠳᠥᠷ ᠲᠦᠪᠰᠢᠨ ᠳᠤ ᠳᠠᠬᠢᠨ ᠬᠦᠷᠴᠦ ᠳᠡᠶᠢᠯᠬᠦ ᠦᠭᠡᠢ ᠪᠣᠯᠵᠠᠢ᠃            ︽ᠭᠡᠪᠡᠴᠦ ᠳᠠᠯᠳᠠ ᠪᠥᠭᠡᠳ ᠪᠦᠲᠦᠮᠵᠢᠲᠡᠶ ᠬᠡᠷᠡᠭᠴᠡᠭᠡᠨ ᠤ ᠬᠡᠪᠴᠢᠶ᠎ᠡ ᠮᠥᠨ ᠬᠦ ᠨᠡᠯᠢᠶᠡᠳ ᠶᠡᠭᠡ ᠪᠠᠶᠢᠨ᠎ᠠ︾ ᠭᠡᠵᠦ ᠢᠦᠢ ᠰᠢᠶᠣᠣ ᠹᠧᠨ ᠬᠡᠯᠡᠵᠡᠢ᠂ ᠺᠣᠷᠢᠶᠠ᠂ ᠶᠠᠫᠤᠨ ᠤ ᠲᠤᠷᠰᠢᠯᠭ᠎ᠠ ᠪᠠᠷ ᠯᠠᠪᠯᠠᠯᠲᠠ ᠪᠣᠯᠭᠠᠵᠤ ᠦᠵᠡᠪᠡᠯ᠂ ᠬᠤᠶᠠᠷ ᠤᠯᠤᠰ ᠤᠨ 1991ᠣᠨ ᠤ ᠬᠤᠲᠠ ᠪᠠᠯᠭᠠᠰᠤᠵᠢᠯᠲᠠ ᠶᠢᠨ ᠨᠣᠷᠮ᠎ᠠ ᠲᠣᠰ ᠲᠣᠰ 74.79%᠂ 77. 47% ᠬᠦᠷᠴᠦ᠂ ᠮᠠᠨ ᠤ ᠤᠯᠤᠰ ᠤᠨ 2023 ᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢᠨ 66.16% ᠶᠢᠨ ᠬᠢᠷᠢ ᠲᠦᠪᠰᠢᠨ ᠠᠴᠠ ᠥᠨᠳᠥᠷ︔ 1991 ᠣᠨ ᠠᠴᠠ 2007 ᠣᠨ ᠪᠣᠯᠲᠠᠯ᠎ᠠ᠂ ᠬᠤᠶᠠᠷ ᠤᠯᠤᠰ ᠤᠨ ᠵᠢᠯ ᠪᠦᠷᠢ ᠳᠤᠮᠳᠠᠴᠢ ᠪᠠᠷ ᠮᠢᠩᠭᠠᠨ ᠬᠥᠮᠥᠨ ᠪᠦᠷᠢ ᠶᠢᠨ ᠰᠢᠨ᠎ᠡ ᠪᠠᠷ ᠪᠠᠷᠢᠭᠰᠠᠨ ᠣᠷᠣᠨ ᠰᠠᠭᠤᠴᠠ ᠶᠢᠨ ᠢᠵᠢ ᠲᠤᠭ᠎ᠠ ᠨᠢ ᠲᠣᠰᠪᠣᠷᠢ 11.35 ᠢᠵᠢ᠂ 10.34 ᠢᠵᠢ ᠳᠤ ᠬᠦᠷᠴᠦ᠂ 70% ᠶᠢᠨ ᠬᠡᠷᠡᠭᠴᠡᠭᠡ ᠨᠢ ᠬᠤᠲᠠ ᠪᠠᠯᠭᠠᠰᠤ᠂ ᠡᠷᠦᠬᠡ ᠪᠦᠷᠢ ᠶᠢᠨ ᠳᠤᠮᠳᠠᠴᠢ ᠣᠷᠣᠨ ᠰᠠᠭᠤᠴᠠ ᠶᠢᠨ ᠲᠠᠯᠠᠪᠠᠢ  ᠨᠢ 110 ᠲᠡᠭᠰᠢ ᠳᠥᠷᠪᠡᠯᠵᠢᠨ ᠮᠧᠲᠷ ᠤᠨ ᠬᠡᠪᠰᠢᠮᠡᠯ ᠵᠢᠱᠢᠯᠲᠡ ᠪᠠᠷ᠂ ᠮᠠᠨ ᠤ ᠤᠯᠤᠰ ᠤᠨ ᠬᠤᠲᠠ ᠪᠠᠯᠭᠠᠰᠤᠨ ᠤ ᠰᠢᠨ᠎ᠡ ᠪᠠᠷ ᠪᠠᠷᠢᠭᠰᠠᠨ ᠣᠷᠣᠨ ᠰᠠᠭᠤᠴᠠ ᠶᠢᠨ ᠵᠦᠢ ᠵᠣᠬᠢᠰᠲᠠᠢ ᠬᠡᠷᠡᠭᠴᠡᠭᠡᠨ ᠤ ᠬᠡᠮᠵᠢᠶ᠎ᠡ ᠨᠢ 10 ᠳ᠋ᠦᠩᠰᠢᠭᠤᠷ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠪᠠᠯ ᠵᠣᠬᠢᠨ᠎ᠠ᠃ ᠬᠥᠮᠥᠰ ᠤᠨ ᠠᠮᠢᠳᠤᠷᠠᠯ ᠤᠨ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠬᠤᠲᠠ ᠪᠠᠯᠭᠠᠰᠤᠵᠢᠯᠲᠠ ᠭᠦᠨᠵᠡᠭᠡᠶᠢᠷᠡᠨ ᠠᠬᠢᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠵᠠᠶᠢᠯᠠᠰᠢ ᠦᠭᠡᠢ ᠴᠢᠨᠠᠷ ᠪᠠ ᠰᠠᠶᠢᠵᠢᠷᠠᠯᠲᠠ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠮᠥᠨ ᠬᠦ ᠨᠡᠯᠢᠶᠡᠳ ᠶᠡᠭᠡ ᠪᠠᠶᠢᠨ᠎ᠠ᠃ ︽ᠡᠷᠦᠬᠡ ᠪᠦᠷᠢ ᠶᠢᠨ ᠳᠤᠮᠳᠠᠴᠢ ᠪᠠᠷᠢᠯᠭ᠎ᠠ ᠶᠢᠨ ᠲᠠᠯᠠᠪᠠᠶ ᠶᠢ 100 ᠲᠡᠭᠰᠢ ᠳᠥᠷᠪᠡᠯᠵᠢᠨ ᠮᠧᠲᠷ ᠢᠶᠠᠷ ᠪᠤᠳᠤᠪᠠᠯ᠂ 100 ᠲᠦᠮᠡᠨ ᠢᠵᠢ ᠬᠤᠲᠠ ᠶᠢᠨ ᠳᠤᠮᠳᠠᠬᠢ ᠲᠣᠰᠬᠤᠨ ᠪᠣᠯᠣᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠳᠤ ᠪᠠᠷᠤᠭ 1 ᠳ᠋ᠦᠩᠰᠢᠭᠤᠷ ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠬᠤ ᠪᠣᠯᠣᠨ᠎ᠠ᠂ ᠡᠨᠡ ᠨᠢ ᠡᠨᠡ ᠵᠢᠯ ᠤᠨ ᠲᠦᠷᠦᠭᠦᠦ 8 ᠰᠠᠷ᠎ᠠ ᠳᠤ ᠪᠦᠬᠦ ᠤᠯᠤᠰ ᠤᠨ ᠰᠢᠨ᠎ᠡ ᠪᠠᠷ ᠪᠠᠷᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠲᠠᠯᠠᠪᠠᠶ ᠶᠢᠨ 20% ᠰᠢᠬᠠᠮ ᠲᠠᠢ ᠲᠡᠩᠴᠡᠵᠦ ᠪᠠᠶᠢᠨ᠎ᠠ︾᠂ ᠭᠡᠷ ᠪᠠᠶᠢᠰᠢᠩ ᠬᠤᠳᠠᠯᠳᠤᠨ ᠠᠪᠬᠤ ᠵᠠᠶᠢᠯᠠᠰᠢ ᠦᠭᠡᠢ ᠬᠡᠷᠡᠭᠴᠡᠭᠡ ᠶᠢ ᠣᠬᠤᠷᠬᠠᠨ ᠬᠤᠭᠤᠴᠠᠭᠠᠨ ᠳᠤ ᠲᠥᠪᠯᠡᠷᠡᠭᠦᠯᠦᠨ ᠭᠠᠷᠭᠠᠬᠤ ᠶᠢᠨ ᠬᠠᠮᠲᠤ ᠠᠯᠢ ᠣᠯᠠᠨ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ︾ ᠶᠢ ᠳᠠᠪᠬᠤᠴᠠᠭᠤᠯᠤᠨ ᠬᠡᠷᠡᠭᠯᠡᠬᠦ ᠨᠢ ᠪᠥᠬᠦ ᠤᠯᠤᠰ ᠤᠨ ᠬᠡᠪᠴᠢᠶᠡᠨ ᠳᠠᠬᠢ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠣᠭᠲᠠᠪᠤᠷᠢᠵᠢᠭᠤᠯᠬᠤ ᠳᠤ ᠴᠢᠬᠤᠯᠠ ᠬᠡᠷᠡᠭᠴᠡᠭᠡ ᠶᠢᠨ ᠲᠤᠯᠭᠠᠭᠤᠷᠢᠯᠠᠯ ᠬᠠᠩᠭᠠᠬᠤ ᠪᠣᠯᠣᠨ᠎ᠠ ᠭᠡᠵᠦ ᠴᠢᠩᠬᠤᠸᠠ ᠶᠡᠭᠡ ᠰᠤᠷᠭᠠᠭᠤᠯᠢ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠲᠥᠪ ᠤᠨ ᠡᠷᠬᠢᠯᠡᠭᠴᠢ ᠦ᠋ ᠵᠢᠩ ᠦᠵᠡᠵᠦ ᠪᠠᠶᠢᠨ᠎ᠠ᠃            ︽ᠵᠠᠯᠭᠠᠭᠠᠳ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ︿ᠬᠠᠮ ᠠᠷᠭ᠎ᠠ﹀ ᠶᠢ ᠰᠠᠶᠢᠲᠤᠷ ᠠᠳᠬᠤᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠲᠡᠭᠡᠷ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠭᠦᠢᠴᠡᠳ ᠢᠯᠡᠷᠡᠭᠦᠯᠵᠦ᠂ ᠠᠷᠠᠳ ᠣᠯᠠᠨ ᠳᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠡᠳ᠋ᠯᠡᠭᠦᠯᠬᠦ ᠬᠡᠷᠡᠭᠲᠡᠢ᠂ ᠪᠢᠳᠡ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠣᠭᠲᠠᠪᠤᠷᠢᠵᠢᠭᠤᠯᠬᠤ ᠶᠢ ᠠᠬᠢᠭᠤᠯᠬᠤ ᠳᠤ ᠢᠲᠡᠭᠡᠯ ᠳᠦᠭᠦᠷᠡᠩ ᠪᠠᠶᠢᠨ᠎ᠠ︾ ᠭᠡᠵᠦ ᠨᠢ ᠬᠤᠩ ᠬᠡᠯᠡᠪᠡ᠃      ᠢᠷᠡᠯᠲᠡ᠄ ᠠᠷᠠᠳ ᠤᠨ ᠡᠳᠦᠷ ᠤᠨ ᠰᠣᠨᠢᠨ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号