ᠬᠠᠪᠰᠤᠷᠤᠨ ᠲᠡᠳᠬᠦᠬᠦ ᠲᠥᠷᠥᠯ ᠵᠦᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2024/10/28
     10 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠤᠨ ᠬᠤᠰᠢᠭᠤ ᠰᠢᠶᠠᠨ ᠤ ︽ᠨᠢᠭᠡ ᠳᠤ ᠨᠢᠭᠡ︾ ᠶᠢᠨ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠲᠥᠷᠥᠯ ᠵᠦᠢᠯ ᠢ ᠡᠬᠢᠯᠡᠭᠦᠯᠬᠦ ᠵᠢᠴᠢ ᠲᠥᠷᠥᠯ ᠵᠦᠢᠯ ᠢ ᠬᠡᠷᠡᠭᠵᠢᠭᠦᠯᠵᠦ ᠰᠣᠯᠢᠯᠴᠠᠬᠤ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ᠃      ᠬᠤᠷᠠᠯ ᠠᠴᠠ ᠪᠦᠭᠦ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠦᠴᠦᠨ ᠴᠢᠳᠠᠯ ᠪᠠ ᠡᠬᠢ ᠪᠠᠶᠠᠯᠢᠭ ᠢᠶᠠᠨ ᠲᠥᠪᠯᠡᠷᠡᠭᠦᠯᠦᠨ᠂ ᠬᠢᠯᠢ ᠬᠢᠵᠠᠭᠠᠷ ᠤᠨ ᠬᠤᠰᠢᠭᠤ ᠰᠢᠶᠠᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠳᠡᠮᠵᠢᠵᠦ᠂ ᠬᠢᠯᠢ ᠬᠢᠵᠠᠭᠠᠷ ᠤᠨ 20 ᠬᠤᠰᠢᠭᠤ ᠰᠢᠶᠠᠨ ᠪᠠ ᠤᠷᠠᠳ ᠤᠨ ᠡᠮᠦᠨᠡᠲᠦ ᠬᠤᠰᠢᠭᠤᠨ ᠤ ᠤᠯᠤᠰ ᠤᠨ ᠳᠡᠰ ᠤᠨ ᠪᠣᠯᠪᠠᠰᠤᠷᠠᠯ ᠤᠨ ᠲᠥᠷᠥᠯ ᠵᠦᠢᠯ ᠢ ᠪᠠᠭᠰᠢ ᠶᠢᠨ ᠪᠣᠯᠪᠠᠰᠤᠷᠠᠯ ᠤᠨ ᠲᠤᠷᠰᠢᠯᠲᠠ ᠶᠢᠨ ᠭᠠᠵᠠᠷ ᠪᠤᠯᠭᠠᠵᠤ᠂ ᠳᠠᠭᠠᠭᠠᠴᠢᠯᠠᠨ ᠪᠤᠯᠪᠠᠰᠤᠷᠠᠭᠤᠯᠬᠤ ᠶᠡᠭᠡ ᠳᠡᠭᠡᠳᠦ ᠰᠤᠷᠭᠠᠭᠤᠯᠢ ᠲᠠᠢ ᠬᠠᠮᠵᠢᠯᠴᠠᠨ ᠲᠥᠷᠥᠯ ᠵᠦᠢᠯ ᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠢᠯᠢ ᠶᠢᠨ ᠬᠤᠰᠢᠭᠤ ᠰᠢᠶᠠᠨ ᠤ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠠᠭᠰᠢ ᠶᠢᠨ ᠬᠥᠭᠵᠢᠯᠲᠡ ᠶᠢᠨ ᠲᠥᠪ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠨᠢ ᠲᠣᠳᠣᠷᠬᠠᠢ ᠦᠭᠡᠢ᠂ ᠵᠥᠭᠡᠯᠡᠨ ᠬᠠᠲᠠᠭᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠨᠢ ᠲᠡᠭᠦᠯᠳᠡᠷ ᠪᠤᠰᠤ᠂ ᠠᠵᠢᠯᠲᠠᠨ ᠤ ᠪᠦᠲᠦᠴᠡ ᠵᠦᠢ ᠵᠣᠬᠢᠰ ᠦᠭᠡᠢ᠂ ᠵᠠᠷᠤᠳᠠᠯ ᠲᠤᠲᠠᠭᠳᠠᠵᠤ᠂ ᠣᠷᠣᠨ ᠲᠤᠭ᠎ᠠ ᠬᠦᠷᠦᠯᠴᠡᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠵᠦ᠂ ᠵᠢᠭᠠᠨ ᠰᠤᠳᠤᠯᠬᠤ᠂ ᠴᠠᠬᠢᠯᠭᠠᠨᠴᠢᠯᠠᠭᠰᠠᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠪᠣᠯᠪᠠᠰᠤᠷᠠᠯ ᠵᠡᠷᠭᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠤᠰᠢᠭᠤ ᠰᠢᠶᠠᠨ ᠤ ᠬᠡᠪᠴᠢᠶᠡᠨ ᠤ ᠪᠠᠭᠰᠢ ᠶᠢᠨ ᠦᠰᠦᠨ ᠪᠤᠶᠢᠵᠢᠯᠲᠠ ᠶᠢ ᠳᠡᠮᠵᠢᠬᠦ ᠰᠤᠷᠤᠯᠴᠠᠯᠭ᠎ᠠ ᠶᠢᠨ ᠲᠥᠪ᠂ ᠰᠤᠳᠤᠯᠭᠠᠨ ᠤ ᠲᠥᠪ᠂ ᠡᠬᠢ ᠪᠠᠶᠠᠯᠢᠭ ᠤᠨ ᠲᠥᠪ᠂ ᠮᠡᠳᠡᠭᠡ ᠵᠠᠩᠭᠢ ᠶᠢᠨ ᠲᠥᠪ᠂ ᠦᠷ᠎ᠡ ᠪᠦᠲᠦᠭᠡᠯ ᠢ ᠳᠡᠯᠭᠡᠷᠡᠭᠦᠯᠬᠦ ᠲᠥᠪ ᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠵᠠᠢ᠃                    ᠢᠷᠡᠯᠲᠡ᠄  ᠲᠠᠯ᠎ᠠ ᠨᠤᠲᠤᠭ ᠤᠨ ᠡᠭᠦᠯᠡ ᠰᠢᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号