ᠵᠠᠯᠠᠭᠤᠴᠤᠳ ᠪᠠᠭᠠᠴᠤᠳ ᠤᠨ ᠤᠷᠠᠨ ᠵᠢᠷᠤᠭ ᠤᠨ ᠪᠦᠲᠦᠭᠡᠯ ᠤᠨ ᠦᠵᠡᠰᠭᠦᠯᠡᠩ
ᠨᠡᠶᠢᠲᠡᠯᠡᠭᠰᠡᠨ ᠴᠠᠭ᠄
2024/10/30
     10 ᠰᠠᠷ᠎ᠠ ᠶᠢᠨ 24 ᠤ ᠡᠳᠦᠷ᠂ ᠬᠥᠬᠡᠬᠤᠲᠠ ᠶᠢᠨ ᠤᠳᠬ᠎ᠠ ᠤᠷᠠᠯᠢᠭ ᠤᠨ ᠬᠤᠯᠪᠣᠭ᠎ᠠ ᠠᠴᠠ ᠭᠤᠣᠯᠯᠠᠨ ᠡᠷᠬᠢᠯᠡᠵᠦ᠂ ᠰᠠᠶᠢᠬᠠᠨ ᠲᠣᠭᠤᠷᠢᠭ ᠤᠨ ᠤᠳᠬ᠎ᠠ ᠤᠷᠠᠯᠢᠭ ᠤᠨ ᠬᠤᠯᠪᠣᠭ᠎ᠠ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠠᠭᠠᠭᠠᠴᠢᠯᠠᠨ ᠡᠷᠬᠢᠯᠡᠵᠦ᠂ ᠰᠠᠶᠢᠬᠠᠨ ᠲᠣᠭᠤᠷᠢᠭ ᠤᠨ ᠤᠷᠠᠨ ᠵᠢᠷᠤᠭᠴᠢᠳ ᠤᠨ ᠨᠡᠶᠢᠭᠡᠮᠯᠢᠭ᠂ ᠬᠥᠬᠡᠬᠤᠲᠠ ᠶᠢᠨ ᠳᠥᠴᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠬᠠᠮᠵᠢᠯᠴᠠᠨ ᠡᠷᠬᠢᠯᠡᠭᠰᠡᠨ ᠭᠤᠣᠯ ᠰᠡᠳᠦᠪᠲᠦ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠬᠥᠬᠡᠬᠤᠲᠠ ᠶᠢᠨ ᠳᠥᠴᠢᠨ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃
          ᠲᠣᠰ ᠤᠳᠠᠭᠠᠨ ᠤ ᠦᠵᠡᠰᠬᠦᠯᠡᠩ ᠳᠤ ᠪᠠᠭᠠᠴᠤᠳ ᠬᠡᠦᠬᠡᠳ ᠤᠨ ᠤᠷᠠᠨ ᠵᠢᠷᠤᠭ ᠤᠨ ᠪᠦᠲᠦᠭᠡᠯ ᠢ ᠨᠡᠶᠢᠲᠡ 70 ᠬᠤᠪᠢ ᠳᠡᠯᠭᠡᠨ ᠦᠵᠡᠭᠦᠯᠵᠦ᠂ ᠡᠲᠡᠭᠡᠷ ᠪᠦᠲᠦᠭᠡᠯ ᠨᠢ ᠬᠥᠬᠡᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠠᠮᠢᠳᠤᠯᠢᠭ ᠦᠢᠯᠡᠳᠦᠯᠭᠡ ᠪᠠ ᠰᠣᠶᠣᠯ ᠢᠷᠭᠡᠨᠰᠢᠯ ᠤᠨ ᠵᠣᠷᠢᠭ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠥᠬᠡ ᠬᠤᠲᠠ ᠶᠢᠨ ᠰᠠᠶᠢᠨ ᠰᠠᠶᠢᠬᠠᠨ ᠬᠤᠪᠢᠷᠠᠯᠲᠠ ᠪᠠ ᠪᠣᠯᠪᠠᠰᠤᠨ ᠤ ᠳᠦᠷᠰᠦ ᠪᠠᠶᠢᠳᠠᠯ ᠢ ᠠᠮᠢᠳᠤᠯᠢᠭ ᠢᠶᠠᠷ ᠵᠢᠷᠤᠭᠯᠠᠭᠰᠠᠨ ᠪᠠᠶᠢᠨ᠎ᠠ᠃
      ᠣᠶᠢᠷ᠎ᠠ ᠶᠢᠨ ᠵᠢᠯ᠂ ᠰᠠᠶᠢᠬᠠᠨ ᠲᠣᠭᠤᠷᠢᠭ ᠭᠡᠷᠡᠯ ᠵᠢᠷᠤᠭ ᠤᠨ ᠦᠵᠡᠰᠭᠦᠯᠡᠩ᠂ ᠤᠷᠠᠨ ᠪᠢᠴᠢᠯᠭᠡ ᠤᠷᠠᠨ ᠵᠢᠷᠤᠭ ᠤᠨ ᠦᠵᠡᠰᠭᠦᠯᠡᠩ ᠵᠡᠷᠭᠡ ᠡᠯ᠎ᠡ ᠲᠥᠷᠥᠯ ᠤᠨ ᠳᠡᠯᠭᠡᠨ ᠦᠵᠡᠭᠦᠯᠦᠯᠭᠡ ᠡᠷᠬᠢᠯᠡᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠣᠶᠤᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠭᠤᠸ᠎ᠠ ᠰᠠᠶᠢᠬᠠᠨ ᠤ ᠬᠥᠮᠦᠵᠢᠯ  ᠤᠨ ᠬᠢᠷᠢ ᠬᠡᠮᠵᠢᠶ᠎ᠡ ᠪᠠᠨ  ᠳᠡᠭᠡᠭᠰᠢᠯᠡᠭᠦᠯᠪᠡ᠃ ᠡᠭᠦᠨ ᠤ ᠬᠠᠮᠲᠤ᠂ ᠳᠤᠮᠳᠠᠳᠤ ᠪᠠᠭ᠎ᠠ ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠳᠤ ᠬᠦᠷᠴᠦ ᠤᠷᠠᠨ ᠰᠠᠶᠢᠬᠠᠨ ᠤ ᠲᠣᠭᠯᠠᠯᠲᠠ᠂ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠯ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠭᠡᠨ ᠢᠶᠠᠷ ᠥᠷᠨᠢᠭᠦᠯᠵᠦ ᠂ ᠤᠷᠠᠨ ᠪᠢᠴᠢᠯᠭᠡ ᠤᠷᠠᠨ ᠵᠢᠷᠤᠭ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠵᠡᠷᠭᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠬᠠᠩᠭᠠᠭᠰᠠᠨ ᠢᠶᠠᠷ ᠪᠠᠷᠠᠬᠤ ᠦᠭᠡᠢ᠂ ᠨᠡᠩ ᠴᠤ ᠦᠨᠳᠦᠰᠦᠨ ᠱᠠᠲᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠮᠢᠳᠤᠯᠢᠭ ᠦᠢᠯᠡᠳᠦᠯᠭᠡ ᠪᠣᠯᠵᠠᠢ᠃
     ᠲᠤᠰ ᠤᠳᠠᠭᠠᠨ ᠤ ᠠᠵᠢᠯᠯᠠᠭ᠎ᠠ ᠵᠠᠯᠠᠭᠤᠴᠤᠳ ᠪᠠᠭᠠᠴᠤᠳ ᠤᠨ ᠤᠶᠤᠨ ᠤ ᠪᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠬᠥᠬᠡᠬᠤᠲᠠ ᠶᠢᠨ ᠪᠣᠯᠪᠠᠰᠤᠨ ᠢ ᠡᠭᠦᠳᠦᠨ ᠪᠠᠶᠢᠭᠤᠯᠬᠤ ᠶᠠᠪᠤᠴᠠ ᠳᠠᠬᠢ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ ᠰᠠᠶᠢᠬᠠᠨ ᠲᠣᠭᠤᠷᠢᠭ ︽ᠰᠣᠶᠣᠯ ᠢᠶᠠᠷ ᠬᠥᠮᠥᠨ ᠢ ᠬᠥᠮᠥᠵᠢᠭᠦᠯᠬᠦ︾ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠨᠠᠩ ᠣᠯᠠᠨ ᠪᠠᠶᠠᠯᠢᠭ ᠰᠠᠶᠢᠬᠠᠨ ᠤᠳᠬ᠎ᠠ ᠤᠷᠠᠯᠢᠭ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠣᠶᠤᠨ ᠤ ᠰᠣᠶᠣᠯ ᠤᠨ ᠠᠮᠢᠳᠤᠷᠠᠯ ᠤᠨ ᠴᠡᠴᠡᠭᠯᠡᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠥᠬᠦ ᠠᠷᠠᠳ ᠤᠨ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号