| | ᠪᠡᠭᠡᠵᠢᠩ ᠤᠨ ᠴᠠᠭ ᠢᠶᠠᠷ 10 ᠰᠠᠷ᠎ᠠ ᠶᠢᠨ 27 ᠤ ᠡᠳᠦᠷ᠂ ᠺᠣᠯᠣᠮᠪᠢᠶ᠎ᠠ ᠶᠢᠨ ᠭᠠᠯᠢ ᠬᠤᠳᠠ ᠳᠤ | ᠶᠠᠪᠤᠭᠳᠠᠭᠰᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ︽ᠠᠮᠢᠳᠤ ᠪᠣᠳᠠᠰ ᠤᠨ ᠤᠯᠠᠨ ᠶᠠᠩᠵᠤᠲᠤ | ᠴᠢᠨᠠᠷ ᠤᠨ ᠨᠡᠶᠢᠳᠡ ᠶᠢᠨ ᠭᠡᠷ᠎ᠡ︾ ᠶᠢᠨ ᠠᠷᠪᠠᠨ ᠵᠢᠷᠭᠤᠳᠤᠭᠠᠷ ᠤᠳᠠᠭᠠᠨ ᠤ ᠭᠡᠷ᠎ᠡ ᠪᠠᠶᠢᠭᠤᠯᠤᠭᠰᠠᠨ ᠲᠠᠯ᠎ᠠ ᠶᠢᠨ | ᠶᠡᠭᠡ ᠬᠤᠷᠠᠯ︵COP16︶ ᠤᠨ ᠨᠠᠢᠮᠠᠳᠤᠭᠠᠷ ᠬᠤᠭᠤᠴᠠᠭᠠᠨ ᠤ ᠪᠦᠭᠦ ᠪᠥᠮᠪᠥᠷᠴᠡᠭ ᠤᠨ ᠭᠠᠵᠠᠷ ᠣᠷᠣᠨ ᠤ | ᠵᠠᠰᠠᠭ ᠤᠨ ᠣᠷᠳᠣᠨ ᠪᠣᠯᠣᠨ ᠬᠤᠳᠠ ᠶᠢᠨ ᠲᠦᠷᠦᠭᠦᠴᠦᠳ ᠤᠨ ᠬᠤᠷᠠᠯ ᠤᠨ ᠲᠤᠬᠠᠢ ᠶᠢᠨ ᠲᠠᠯᠠᠪᠤᠷ ᠲᠤ | ᠲᠤᠩᠬᠠᠭᠯᠠᠭᠰᠠᠨ ᠢᠶᠠᠷ᠂ ᠪᠤᠭᠤᠲᠤ ᠬᠤᠳᠠ ︽ᠪᠠᠶᠢᠭᠠᠯᠢ ᠶᠢᠨ ᠬᠤᠳᠠ︾ ᠪᠠᠷ ᠰᠣᠩᠭᠤᠭᠳᠠᠭᠰᠠᠨ ᠪᠠᠶᠢᠨ᠎ᠠ᠃ | | | COP16 ᠬᠤᠷᠠᠯ ᠨᠢ 10 ᠰᠠᠷ᠎ᠠ ᠶᠢᠨ 20 ᠤ ᠡᠳᠦᠷ ᠡᠬᠢᠯᠡᠨ ᠬᠤᠷᠠᠯᠳᠤᠵᠤ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠸᠢᠢᠰ ᠸᠢᠳᠢᠤ᠋ ᠭᠡᠯᠪᠡᠷᠢ ᠪᠠᠷ ᠦᠭᠡ ᠬᠡᠯᠡᠵᠦ᠂ | ᠶᠡᠭᠡ ᠬᠤᠷᠠᠯ ᠨᠢ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠵᠤ᠂ ᠪᠠᠶᠢᠭᠠᠯᠢ ᠶᠢᠨ ᠡᠬᠢ ᠪᠠᠶᠠᠯᠢᠭ ᠢ | ᠳᠠᠭᠠᠭᠠᠮᠠᠭᠠᠢ ᠠᠰᠢᠭᠯᠠᠬᠤ ᠲᠠᠯ᠎ᠠ ᠪᠠᠷ ᠶᠠᠷᠢᠯᠴᠠᠯᠭ᠎ᠠ ᠥᠷᠨᠢᠭᠦᠯᠵᠡᠢ᠃ ᠶᠡᠭᠡ ᠬᠤᠷᠠᠯ ᠤᠨ ᠭᠤᠣᠯ ᠠᠭᠤᠯᠭ᠎ᠠ ᠶᠢᠨ ᠨᠢᠭᠡ | ᠪᠤᠯᠬᠤ ︽ᠪᠠᠶᠢᠭᠠᠯᠢ ᠶᠢᠨ ᠬᠤᠳᠠ︾ ᠶᠢᠨ ᠰᠢᠯᠭᠠᠷᠠᠭᠤᠯᠤᠯᠲᠠ ᠨᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ | ᠶᠢᠨ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠳᠡ ᠶᠢᠨ ᠭᠡᠷ᠎ᠡ︾ ᠶᠢᠨ ᠭᠡᠷ᠎ᠡ ᠪᠠᠶᠢᠭᠤᠯᠤᠭᠰᠠᠨ ᠲᠠᠯ᠎ᠠ | ᠶᠢᠨ ᠶᠡᠭᠡ ᠬᠤᠷᠠᠯ ᠲᠠᠢ ᠵᠡᠷᠭᠡᠴᠡᠭᠡ ᠪᠠᠷ ᠶᠠᠪᠤᠭᠳᠠᠭᠰᠠᠨ ᠠᠵᠢᠯᠯᠠᠭ᠎ᠠ ᠪᠤᠯᠬᠤ ᠪᠦᠭᠦ ᠪᠥᠮᠪᠥᠷᠴᠡᠭ ᠤᠨ ᠭᠠᠵᠠᠷ | ᠣᠷᠣᠨ ᠤ ᠵᠠᠰᠠᠭ ᠤᠨ ᠣᠷᠳᠣᠨ ᠪᠣᠯᠣᠨ ᠬᠤᠳᠠ ᠶᠢᠨ ᠲᠦᠷᠦᠭᠦᠴᠦᠳ ᠤᠨ ᠬᠤᠷᠠᠯ ᠤᠨ ᠪᠦᠲᠦᠴᠡ ᠶᠢᠨ ᠳᠣᠣᠷ᠎ᠠ | ᠶᠠᠪᠤᠭᠳᠠᠭᠰᠠᠨ ᠪᠦᠭᠦ ᠪᠥᠮᠪᠥᠷᠴᠡᠭ ᠤᠨ ᠴᠢᠨᠠᠷᠲᠠᠢ ᠰᠠᠨᠠᠭᠠᠴᠢᠯᠠᠭ᠎ᠠ ᠪᠠᠶᠢᠵᠤ᠂ ᠠᠮᠢᠳᠤ ᠪᠣᠳᠠᠰ ᠤᠨ ᠤᠯᠠᠨ ᠶᠠᠩᠵᠤᠲᠤ | ᠴᠢᠨᠠᠷ ᠢ ᠬᠠᠮᠠᠭᠠᠯᠠᠬᠤ ᠬᠦᠷᠢᠶ᠎ᠡ ᠴᠠᠷ᠎ᠠ ᠳᠣᠲᠣᠷ᠎ᠠ ᠭᠠᠷᠮᠠᠭᠠᠢ ᠠᠮᠵᠢᠯᠲᠠ ᠭᠠᠷᠭᠠᠭᠰᠠᠨ ᠬᠤᠳᠠ ᠪᠣᠯᠣᠨ ᠭᠠᠵᠠᠷ | ᠣᠷᠣᠨ ᠢ ᠳᠡᠯᠭᠡᠨ ᠦᠵᠡᠭᠦᠯᠭᠦ ᠪᠠ ᠬᠥᠬᠢᠭᠦᠯᠵᠦ᠂ ᠪᠦᠭᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ | ᠴᠢᠨᠠᠷ ᠤᠨ ᠵᠠᠰᠠᠯᠲᠠ ᠶᠢᠨ ᠬᠠᠷᠠᠯᠲᠠ ᠶᠢ ᠲᠤᠭᠤᠰᠢᠯᠠᠭᠤᠯᠬᠤ ᠶᠢ ᠬᠠᠮᠲᠤ ᠪᠠᠷ ᠠᠬᠢᠭᠤᠯᠬᠤ ᠪᠣᠯᠣᠨ᠎ᠠ᠃ | | | ᠪᠤᠭᠤᠲᠤ ᠬᠤᠳᠠ ᠲᠠᠢ ᠠᠳᠠᠯᠢᠬᠠᠨ ᠰᠣᠩᠭᠤᠭᠳᠠᠭᠰᠠᠨ ᠨᠢ ᠪᠠᠰᠠ ᠹᠷᠠᠨᠼᠢ ᠶᠢᠨ ᠫᠠᠷᠢᠰ᠂ ᠠᠮᠧᠷᠢᠺᠠ ᠶᠢᠨ | ᠰᠢᠶᠠᠲ᠋ᠧᠯ᠂ ᠭᠧᠷᠮᠠᠨ ᠤ ᠪᠧᠷᠯᠢᠨ᠂ ᠶᠠᠫᠤᠨ ᠤ ᠶᠣᠺᠤᠬᠠᠮᠠ ᠵᠡᠷᠭᠡ 57 ᠳᠡᠯᠡᠬᠡᠢ ᠶᠢᠨ ᠨᠡᠷᠡᠳᠤ ᠬᠤᠳᠠ ᠨᠤᠭᠤᠳ ᠪᠠᠶᠢᠵᠤ᠂ | ᠪᠠᠰᠠ ᠪᠡᠭᠡᠵᠢᠩ ᠬᠤᠳᠠ᠂ ᠲᠢᠶᠠᠨᠵᠢᠨ ᠤ ᠨᠢᠩ ᠾᠧ ᠲᠣᠭᠤᠷᠢᠭ᠂ ᠵᠧᠵᠢᠶᠠᠩ ᠤᠨ ᠠᠨ ᠵᠢᠢ ᠰᠢᠶᠠᠨ᠂ ᠬᠤᠪᠧᠢ ᠮᠤᠵᠢ | ᠶᠢᠨ ᠱᠢ ᠶᠠᠨ ᠬᠤᠳᠠ᠂ ᠨᠢᠩᠪᠦᠸᠧ ᠶᠢᠨ ᠪᠧᠢ ᠯᠦᠨ ᠲᠣᠭᠤᠷᠢᠭ᠂ ᠵᠧᠵᠢᠶᠠᠩ ᠮᠤᠵᠢ ᠶᠢᠨ ᠱᠤᠤᠰᠢᠩ ᠬᠤᠳᠠ᠂ | ᠹᠦᠵᠢᠶᠠᠨ ᠮᠤᠵᠢ ᠶᠢᠨ ᠰᠢᠶᠠᠮᠧᠨ ᠬᠤᠳᠠ᠂ ᠵᠧᠵᠢᠶᠠᠩ ᠮᠤᠵᠢ ᠶᠢᠨ ᠯᠢ ᠱᠦᠢ ᠬᠤᠳᠠ ᠪᠣᠯᠣᠨ ᠮᠠᠨ ᠤ ᠣᠷᠣᠨ ᠤ | ᠣᠷᠳᠣᠰ ᠬᠤᠳᠠ᠂ ᠲᠦᠩᠯᠢᠶᠣᠣ ᠬᠤᠲᠠ᠂ ᠭᠡᠭᠡᠨ ᠭᠤᠣᠯ ᠬᠤᠲᠠ ᠵᠡᠷᠭᠡ 19 ᠤᠯᠤᠰ ᠤᠨ ᠳᠣᠲᠣᠭᠠᠳᠤ ᠶᠢᠨ | ᠬᠤᠳᠠ ᠪᠤᠢ᠃ |