ᠬᠠᠳᠤᠨ ᠭᠤᠣᠯ ᠢ ᠬᠠᠮᠲᠤ ᠪᠠᠷ ᠬᠠᠮᠠᠭᠠᠯᠠᠵᠤ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠶ᠎ᠠ
ᠨᠡᠶᠢᠲᠡᠯᠡᠭᠰᠡᠨ ᠴᠠᠭ᠄
2024/10/31
--︽︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠳᠤ ᠬᠦᠴᠦᠨ ᠨᠡᠮᠡᠷᠢᠯᠡᠵᠦ ᠡᠬᠡ ᠭᠤᠣᠯ ᠢᠶᠠᠨ ᠬᠠᠮᠠᠭᠠᠯᠠᠶ᠎ᠠ -- ᠪᠢᠳᠡ ᠬᠥᠳᠡᠯᠦᠯᠴᠡᠵᠦ ᠪᠠᠶᠢᠨ᠎ᠠ︾ ᠬᠥᠬᠡᠬᠤᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠡᠬᠢᠯᠡᠪᠡ              10 ᠳ᠋ᠤᠭᠠᠷ ᠰᠠᠷ᠎ᠠ ᠶᠢᠨ 23 ᠤ ᠡᠳᠦᠷ᠂ ᠬᠤᠲᠠ ᠶᠢᠨ ᠡᠪᠯᠡᠯ ᠤᠨ ᠬᠤᠷᠢᠶ᠎ᠠ ᠪᠣᠯᠣᠨ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠬᠤᠲᠠ ᠶᠢᠨ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠲᠥᠪ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠠᠮᠲᠤ ᠪᠠᠷ ᠲᠣᠭᠲᠠᠬᠤ ᠰᠢᠶᠠᠨ ᠤ ᠬᠤᠤ ᠵᠢᠶᠠ ᠶᠣᠣ ᠲᠣᠰᠬᠤᠨ ᠤ ᠱᠧᠨ ᠴᠢᠤᠸᠠᠨ ᠱᠧᠨ ᠶᠦᠨ ᠲᠠᠯᠠᠪᠠᠶ ᠳᠤ ︽︿ᠤᠮᠠᠷᠠᠲᠤ ᠶᠢᠨ ᠭᠤᠷᠪᠠᠨ ᠣᠷᠣᠨ﹀ ᠢᠨᠵᠧᠨᠧᠷᠢᠩ ᠳᠤ ᠬᠦᠴᠦᠨ ᠨᠡᠮᠡᠷᠢᠯᠡᠵᠦ · ᠡᠬᠡ ᠭᠤᠣᠯ ᠢᠶᠠᠨ ᠬᠠᠮᠠᠭᠠᠯᠠᠶ᠎ᠠ︾ ᠬᠥᠬᠡᠬᠤᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃            ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠠᠵᠢᠯᠯᠠᠭᠴᠢ ᠭᠤᠣᠯ ᠢ ᠲᠣᠭᠤᠷᠢᠨ ᠪᠠᠶᠢᠴᠠᠭᠠᠬᠤ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ᠂ ᠭᠤᠣᠯ ᠤᠨ ᠬᠤᠭ ᠢ ᠴᠡᠪᠡᠷᠯᠡᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ ᠪᠣᠳᠠᠲᠠᠢ ᠠᠵᠢᠯᠯᠠᠭ᠎ᠠ ᠪᠠᠷ ᠢᠶᠠᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠪᠠ᠃ ᠰᠣᠷᠪᠤᠯᠵᠢᠯᠠᠬᠴᠢ ᠯᠢᠦᠢ ᠾᠦᠢ ᠱᠧᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号