ᠲᠥᠪ ᠤᠨ ᠠᠯᠪᠠᠨ ᠪᠠᠶᠢᠭᠤᠯᠭ᠎ᠠ ᠶᠢᠨ ᠠᠯᠪᠠᠲᠠᠨ ᠰᠢᠯᠢᠨ ᠰᠣᠩᠭᠤᠬᠤ ᠰᠢᠯᠭᠠᠯᠲᠠ ᠳᠤ ᠨᠡᠷ᠎ᠡ ᠮᠡᠳᠡᠭᠦᠯᠵᠦ ᠡᠬᠢᠯᠡᠪᠡ
ᠨᠡᠶᠢᠲᠡᠯᠡᠭᠰᠡᠨ ᠴᠠᠭ᠄
2024/10/31
     2025 ᠣᠨ ᠤ ᠲᠥᠪ ᠤᠨ ᠠᠯᠪᠠᠨ ᠪᠠᠶᠢᠭᠤᠯᠭ᠎ᠠ ᠶᠢᠨ ᠠᠯᠪᠠᠲᠠᠨ ᠢ ᠢᠯᠡ ᠪᠠᠷ ᠰᠢᠯᠢᠨ ᠰᠣᠩᠭᠤᠬᠤ ᠪᠠ ᠰᠣᠩᠭᠤᠨ ᠰᠢᠯᠵᠢᠭᠦᠯᠬᠦ ᠠᠵᠢᠯ ᠤᠨ ᠨᠡᠷ᠎ᠡ ᠮᠡᠳᠡᠭᠦᠯᠬᠦ ᠠᠵᠢᠯ ᠨᠢᠭᠡᠨᠲᠡ ᠡᠬᠢᠯᠡᠪᠡ᠃ ᠰᠢᠯᠭᠠᠭᠤᠯᠤᠭᠴᠢ 10 ᠰᠠᠷ᠎ᠠ ᠶᠢᠨ 28 ᠤ 8᠄ 00 ᠠᠴᠠ 11 ᠰᠠᠷ᠎ᠠ ᠶᠢᠨ 6 ᠤ 18᠄ 00 ᠪᠤᠯᠲᠠᠯ᠎ᠠ︽2025 ᠣᠨ ᠤ ᠲᠥᠪ ᠤᠨ ᠠᠯᠪᠠᠨ ᠪᠠᠶᠢᠭᠤᠯᠭ᠎ᠠ ᠶᠢᠨ ᠠᠯᠪᠠᠲᠠᠨ ᠢ ᠢᠯᠡ ᠪᠠᠷ ᠰᠢᠯᠢᠨ ᠰᠣᠩᠭᠤᠬᠤ ᠪᠠ ᠰᠣᠩᠭᠤᠨ ᠰᠢᠯᠵᠢᠭᠦᠯᠬᠦ ᠲᠤᠰᠬᠠᠢ ᠰᠦᠯᠵᠢᠶ᠎ᠡ︾(http://subb.scs.gov.cn/lx2025) ᠳᠡᠭᠡᠷ᠎ᠡ ᠨᠡᠷ᠎ᠡ ᠮᠡᠳᠡᠭᠦᠯᠵᠦ ᠪᠣᠯᠣᠨ᠎ᠠ᠂ ᠪᠢᠷ ᠤᠨ ᠰᠢᠯᠭᠠᠯᠲᠠ ᠶᠢ 11 ᠰᠠᠷ᠎ᠠ ᠶᠢᠨ 30 ᠤ ᠡᠳᠦᠷ ᠪᠦᠭᠦ ᠤᠯᠤᠰ ᠤᠨ ᠡᠯ᠎ᠡ ᠰᠢᠭᠤᠳ ᠬᠠᠷᠢᠶ᠎ᠠ ᠬᠤᠲᠠ ᠪᠠ ᠥᠪᠡᠷᠲᠡᠭᠡᠨ ᠵᠠᠰᠠᠬᠤ ᠣᠷᠣᠨ ᠤ ᠲᠥᠪ ᠲᠤ ᠵᠡᠷᠭᠡ ᠪᠠᠷ ᠶᠠᠪᠤᠭᠳᠠᠭᠤᠯᠤᠨ᠎ᠠ᠃      ᠣᠶᠢᠯᠠᠭᠠᠭᠰᠠᠨ ᠢᠶᠠᠷ᠂ ᠲᠣᠰ ᠤᠳᠠᠭ᠎ᠠ ᠢᠯᠡ ᠪᠠᠷ ᠰᠢᠯᠢᠨ ᠰᠣᠩᠭᠤᠬᠤ ᠪᠠ ᠢᠯᠡ ᠪᠠᠷ ᠰᠣᠩᠭᠤᠨ ᠰᠢᠯᠵᠢᠭᠦᠯᠬᠦ ᠲᠥᠪ ᠤᠨ ᠠᠯᠪᠠᠨ ᠪᠠᠶᠢᠭᠤᠯᠭ᠎ᠠ ᠳᠤ ᠨᠡᠶᠢᠲᠡ 41 ᠰᠠᠯᠠᠭ᠎ᠠ ᠮᠥᠴᠢᠷ ᠣᠷᠣᠯᠴᠠᠵᠤ᠂ 371 ᠬᠥᠮᠥᠨ ᠢ ᠰᠢᠯᠢᠨ ᠰᠣᠩᠭᠤᠬᠤ ᠪᠠᠷ ᠲᠥᠯᠥᠪᠯᠡᠵᠦ ᠪᠤᠢ᠃ ᠡᠭᠦᠨ ᠳᠤ᠂ ᠢᠯᠡ ᠪᠠᠷ ᠰᠢᠯᠢᠨ ᠰᠣᠩᠭᠤᠬᠤ ᠲᠤᠰᠢᠶᠠᠯ ᠤᠨ ᠪᠠᠶᠢᠷᠢ  ᠨᠢ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠢᠴᠢ ᠲᠡᠭᠦᠨ ᠠᠴᠠ ᠳᠣᠷᠣᠭᠰᠢᠬᠢ ᠲᠤᠰᠢᠶᠠᠯ ᠤᠨ ᠲᠠᠰ ᠪᠠᠶᠢᠵᠤ᠂ 350 ᠬᠥᠮᠥᠨ ᠢ ᠰᠢᠯᠢᠨ ᠰᠣᠩᠭᠤᠬᠤ ᠪᠠᠷ ᠲᠥᠯᠥᠪᠯᠡᠵᠦ ᠪᠠᠶᠢᠨ᠎ᠠ; ᠢᠯᠡ ᠪᠠᠷ ᠰᠣᠩᠭᠤᠨ ᠰᠢᠯᠵᠢᠭᠦᠯᠬᠦ ᠲᠤᠰᠢᠶᠠᠯ ᠤᠨ ᠪᠠᠶᠢᠷᠢ ᠳᠤ ᠳᠡᠳ᠋ ᠭᠠᠵᠠᠷ ᠤᠨ ᠳᠡᠰ ᠤᠨ ᠳᠠᠷᠤᠭ᠎ᠠ ᠶᠢᠨ ᠲᠤᠰᠢᠶᠠᠯ ᠪᠠ ᠨᠢᠭᠡᠳᠦᠭᠡᠷ ᠳᠡᠰ ᠠᠴᠠ ᠳᠥᠷᠪᠡᠳᠦᠭᠡᠷ ᠳᠡᠰ ᠬᠦᠷᠲᠡᠯᠡᠬᠢ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠤᠨ ᠳᠡᠰ ᠪᠠᠭᠲᠠᠵᠤ᠂ 21 ᠬᠥᠮᠥᠨ ᠢ ᠰᠣᠩᠭᠤᠨ ᠲᠣᠮᠢᠯᠠᠬᠤ ᠪᠠᠷ ᠲᠥᠯᠥᠪᠯᠡᠵᠦ ᠪᠠᠶᠢᠨ᠎ᠠ᠃      ᠲᠣᠰ ᠤᠳᠠᠭᠠᠨ ᠤ ᠰᠢᠯᠭᠠᠯᠲᠠ ᠳᠤ ᠬᠠᠮᠢᠶ᠎ᠠ ᠪᠦᠬᠦᠢ ᠵᠢᠯᠤᠭᠤᠳᠬᠤ ᠮᠠᠲ᠋ᠧᠷᠢᠶᠠᠯ ᠢ ᠵᠢᠭᠠᠨ ᠲᠣᠭᠲᠠᠭᠠᠬᠤ ᠦᠭᠡᠢ᠂ ᠶᠠᠮᠠᠷᠪᠠ ᠪᠠᠶᠢᠭᠤᠯᠤᠮᠵᠢ ᠪᠤᠶᠤ ᠬᠤᠪᠢ ᠬᠥᠮᠥᠨ ᠳᠤ ᠨᠠᠶᠢᠳᠠᠵᠤ ᠬᠠᠪᠰᠤᠷᠤᠨ ᠵᠢᠯᠤᠭᠤᠳᠬᠤ ᠪᠣᠯᠪᠠᠰᠤᠷᠠᠯ ᠤᠨ ᠠᠩᠭᠢ ᠡᠷᠭᠢᠯᠡᠭᠦ ᠦᠭᠡᠢ ᠭᠡᠵᠦ ᠲᠥᠪ ᠴᠢᠩᠭ᠎ᠠ ᠪᠠᠷ ᠰᠠᠨᠠᠭᠤᠯᠵᠤ ᠪᠠᠶᠢᠨ᠎ᠠ᠃ ᠨᠡᠶᠢᠭᠡᠮ ᠳᠡᠭᠡᠷᠡᠬᠢ ᠬᠤᠯᠪᠣᠭᠳᠠᠯ ᠪᠦᠬᠦᠢ ᠠᠯᠪᠠᠲᠠᠨ ᠤ ᠰᠢᠯᠭᠠᠯᠲᠠ ᠶᠢᠨ ᠪᠣᠯᠪᠠᠰᠤᠷᠠᠯ ᠤᠨ ᠠᠨᠬᠭᠢ᠂ ᠰᠦᠯᠵᠢᠶ᠎ᠡ ᠪᠤᠶᠤ ᠬᠡᠪᠯᠡᠭᠳᠡᠬᠦᠨ ᠵᠡᠷᠭᠡ ᠶᠢᠨ ᠲᠤᠬᠠᠢ ᠥᠷᠭᠡᠨ ᠣᠯᠠᠨ ᠰᠢᠯᠭᠠᠭᠤᠯᠤᠭᠴᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠮᠡᠬᠡᠯᠡᠭᠳᠡᠬᠦ ᠠᠴᠠ ᠬᠢᠴᠢᠶᠡᠭᠡᠷᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号