ᠭᠦᠭᠡᠬᠤᠲᠠ ᠴᠢᠩᠭ᠎ᠠ ᠳᠦᠷᠢᠮ ᠬᠠᠲᠠᠭᠤ ᠠᠷᠭ᠎ᠠ ᠬᠡᠮᠵᠢᠶ᠎ᠡ ᠠᠪᠴᠤ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠢ ᠥᠷᠢᠲᠦᠬᠦ ᠶᠢ ᠦᠨᠳᠦᠰᠦᠨ ᠠᠴᠠ ᠨᠢ ᠵᠠᠰᠠᠨ᠎ᠠ
ᠨᠡᠶᠢᠲᠡᠯᠡᠭᠰᠡᠨ ᠴᠠᠭ᠄
2024/10/8
     ᠰᠤᠷᠪᠤᠯᠵᠢᠯᠠᠬᠴᠢ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ  ᠶᠢᠨ ᠲᠣᠪᠴᠢᠶ᠎ᠠ ᠠᠴᠠ ᠲᠦᠷᠦᠭᠦᠬᠡᠨ ᠣᠶᠢᠯᠠᠭᠠᠭᠰᠠᠨ ᠢᠶᠠᠷ᠂ ᠭᠦᠭᠡᠬᠤᠲᠠ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠪᠠᠲᠤᠯᠠᠬᠤ ᠠᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ︽ᠴᠠᠯᠢᠩ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠵᠦ᠂ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠪᠠᠨ ᠴᠠᠭ ᠲᠤᠬᠠᠢ ᠳᠠᠭᠠᠨ ᠲᠤᠭ᠎ᠠ ᠶᠣᠰᠣᠭᠠᠷ ᠣᠯᠬᠤ ᠶᠢ ᠪᠠᠲᠤᠯᠠᠬᠤ︾ ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠣᠷᠣᠭᠤᠯᠪᠠ᠃            ᠲᠠᠨᠢᠯᠴᠠᠭᠤᠯᠭ᠎ᠠ ᠶᠢ ᠦᠨᠳᠦᠰᠦᠯᠡᠪᠡᠯ᠂ ᠡᠨᠡ ᠵᠢᠯ ᠤᠨ 5 ᠰᠠᠷ᠎ᠠ ᠠᠴᠠ 7 ᠰᠠᠷ᠎ᠠ ᠪᠤᠯᠲᠠᠯ᠎ᠠ᠂ ᠤᠷᠢᠳ ᠬᠤᠵᠢᠳ ︽ᠭᠦᠭᠡᠬᠤᠲᠠ ᠶᠢᠨ 2024 ᠣᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠂ ︽ᠭᠦᠭᠡᠬᠤᠲᠠ ᠶᠢᠨ 2024 ᠣᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠠᠵᠢᠯᠯᠠᠭ᠎ᠠ ᠥᠷᠨᠢᠭᠦᠯᠬᠦ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠣᠯᠠᠨ ᠤᠳᠠᠭ᠎ᠠ ᠪᠦᠭᠦ ᠬᠤᠲᠠ ᠶᠢᠨ ᠬᠡᠪᠴᠢᠶᠡᠨ ᠳᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠦᠨ᠂ ᠭᠦᠭᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠤᠰᠤᠨ ᠤ ᠶᠠᠪᠤᠳᠠᠯ ᠵᠡᠷᠭᠡ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠵᠦ᠂ ᠪᠠᠷᠢᠯᠭ᠎ᠠ ᠶᠢᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠠᠰ ᠳᠠᠷᠠᠭᠠᠯᠠᠯ ᠪᠠ ᠪᠣᠭᠤᠮᠲᠠ ᠶᠢ ᠴᠢᠩᠳᠠᠯᠠᠵᠤ᠂ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠬᠢᠭᠡᠳ ᠪᠠᠷᠢᠯᠭ᠎ᠠ ᠶᠢᠨ ᠵᠣᠭᠤᠰ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ ᠳᠦᠷᠢᠮ᠂ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠤᠨ ᠲᠤᠰᠬᠠᠢ ᠲᠠᠩᠰᠠᠨ ᠡᠷᠦᠭᠡ ᠶᠢᠨ ᠬᠠᠮᠢᠶᠠᠷᠤᠯᠲᠠ ᠶᠢᠨ ᠳᠦᠷᠢᠮ᠂ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠵᠡᠷᠭᠡ ᠲᠠᠪᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠠᠴᠠ ᠵᠥᠷᠢᠴᠡᠨ ᠪᠠᠷᠢᠯᠭ᠎ᠠ ᠶᠢᠨ ᠠᠵᠢᠯ ᠬᠢᠬᠦ ᠶᠢ ᠡᠬᠢ ᠡᠭᠦᠰᠦᠯ ᠠᠴᠠ ᠨᠢ ᠬᠤᠷᠢᠬᠯᠠᠪᠠ; ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠴᠠᠯᠢᠩ ᠥᠷᠢᠲᠦᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠲᠤᠬᠠᠢ ᠶᠢᠨ ᠲᠠᠯᠠᠪᠤᠷ ᠲᠤ ᠵᠠᠭᠠᠯᠳᠤᠬᠤ᠂ ᠤᠲᠠᠰᠤ ᠪᠠᠷ ᠵᠠᠭᠠᠯᠳᠤᠬᠤ ᠶᠢᠨ ᠰᠠᠭᠤᠷᠢᠨ ᠳᠡᠭᠡᠷ᠎ᠡ᠂ ︽ᠠᠯᠠᠭᠠᠨ ᠳᠡᠭᠡᠷ᠎ᠡ ᠵᠠᠭᠠᠯᠳᠤᠬᠤ︾᠂ ᠺᠣᠳ᠋ ᠰᠢᠷᠪᠢᠵᠦ ᠵᠠᠭᠠᠯᠳᠤᠬᠤ ᠵᠡᠷᠭᠡ ᠠᠷᠭ᠎ᠠ ᠮᠠᠶ᠋ᠢᠭ ᠢ ᠭᠡᠷᠡᠭᠵᠢᠭᠦᠯᠵᠠᠢ; ᠪᠦᠭᠦ ᠤᠯᠤᠰ ᠤᠨ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠠᠪᠴᠠᠩ ᠢ ᠠᠰᠢᠭᠯᠠᠨ᠂ ︽12345︾ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠳᠤᠨᠢ ᠭᠦᠢᠴᠡᠳᠬᠡᠬᠦ᠂ ︽12333︾ ᠵᠡᠷᠭᠡ ᠢᠯᠡᠴᠢᠯᠡᠨ ᠮᠡᠳᠡᠭᠦᠯᠵᠦ ᠵᠠᠭᠠᠯᠳᠤᠬᠤ ᠬᠠᠯᠠᠮᠰᠢᠯ ᠤᠲᠠᠰᠤ ᠶᠢ ᠤᠬᠠᠭᠤᠯᠤᠨ ᠳᠡᠯᠭᠡᠷᠡᠭᠦᠯᠵᠦ᠂ ᠬᠤᠬᠢᠷᠠᠯ ᠠᠮᠰᠠᠭᠴᠢ ᠶᠢᠨ ᠡᠷᠬᠡ ᠪᠠᠨ ᠬᠠᠮᠠᠭᠠᠯᠠᠬᠤ ᠳᠤ ᠲᠥᠭᠦᠮ ᠦᠵᠡᠭᠦᠯᠪᠠ; ᠴᠠᠯᠢᠩ ᠥᠷᠢᠲᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠲᠠᠪᠴᠠᠩ ᠤᠨ ᠴᠠᠯᠢᠩ ᠥᠷᠢᠲᠦᠭᠰᠡᠨ ᠰᠦᠪᠡᠭᠴᠢ ᠶᠢ ᠡᠳᠦᠷ ᠪᠦᠷᠢ ᠬᠤᠷᠢᠶᠠᠩᠭᠤᠶᠢᠯᠠᠨ᠂ ᠨᠢᠭᠡᠳᠦᠯᠲᠡᠢ ᠡᠬᠡ ᠲᠠᠩᠰᠠ ᠪᠠᠶᠢᠭᠤᠯᠵᠤ᠂ ᠲᠦᠷᠭᠡᠨ ᠬᠤᠪᠢᠶᠠᠷᠢᠯᠠᠨ ᠰᠠᠯᠭᠠᠵᠤ ᠰᠢᠢᠳᠪᠦᠷᠢᠯᠡᠨ᠂ ᠡᠯ᠎ᠡ ᠲᠥᠷᠥᠯ ᠤᠨ ᠬᠡᠷᠡᠭ ᠤᠨ ᠰᠦᠪᠡᠭᠴᠢ ᠶᠢ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠬᠤ ᠶᠢ ᠱᠠᠭᠠᠷᠲᠠᠪᠠ; ᠡᠯ᠎ᠡ ᠬᠤᠰᠢᠭᠤ ᠰᠢᠶᠠᠨ ᠲᠣᠭᠤᠷᠢᠭ ᠲᠤᠰᠬᠠᠢ ᠠᠵᠢᠯᠯᠠᠭ᠎ᠠ ᠶᠢᠨ ᠪᠣᠭᠤᠮᠲᠠ ᠰᠢᠪᠲᠤᠯᠬᠤ ᠳᠤᠭᠤᠶᠢᠯᠠᠩ ᠪᠠᠶᠢᠭᠤᠯᠵᠤ᠂ ᠴᠠᠯᠢᠩ ᠥᠷᠢᠲᠦᠭᠰᠡᠨ ᠬᠡᠷᠡᠭ ᠢ ᠦᠨᠳᠦᠰᠦᠨ ᠠᠴᠠ ᠨᠢ ᠰᠢᠢᠳᠪᠦᠷᠢᠯᠡᠬᠦ ᠠᠵᠢᠯᠯᠠᠭ᠎ᠠ ᠶᠢ ᠪᠦᠭᠦ ᠲᠠᠯ᠎ᠠ ᠪᠠᠷ ᠥᠷᠨᠢᠭᠦᠯᠵᠡᠢ᠃            ᠣᠳᠣᠬᠠᠨ ᠪᠤᠯᠲᠠᠯ᠎ᠠ᠂ ᠪᠦᠭᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠭᠦᠳᠡᠯᠮᠦᠷᠢ ᠶᠢᠨ ᠬᠥᠯᠥᠰᠦ ᠣᠯᠭᠤᠮᠵᠢ ᠥᠭᠬᠦ ᠶᠢ ᠲᠡᠪᠴᠢᠭᠰᠡᠨ ᠬᠡᠷᠡᠭ ᠢ 6 ᠤᠳᠠᠭ᠎ᠠ ᠪᠠᠶᠢᠴᠠᠭᠠᠨ ᠰᠢᠢᠳᠪᠦᠷᠢᠯᠡᠵᠦ᠂ ᠭᠦᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠬᠦᠨᠳᠦ ᠨᠣᠴᠢᠲᠠᠢ ᠵᠥᠷᠢᠴᠡᠭᠰᠡᠨ ᠢᠲᠡᠭᠡᠮᠵᠢ ᠪᠠᠨ ᠠᠯᠳᠠᠭᠰᠠᠨ 3 ᠠᠵᠤ ᠠᠬᠤᠶᠢᠯᠠᠯ ᠢ ᠢᠲᠡᠭᠡᠮᠵᠢ ᠪᠠᠨ ᠠᠯᠳᠠᠭᠰᠠᠨ ᠵᠠᠯᠬᠠᠭᠠᠯ ᠤᠨ ᠨᠡᠷᠡᠰ ᠲᠤ ᠵᠢᠭᠰᠠᠭᠠᠨ ᠨᠡᠶᠢᠲᠡᠯᠡᠵᠦ᠂ 4 ᠬᠡᠷᠡᠭ ᠲᠤ ᠵᠠᠰᠠᠭ ᠵᠠᠬᠢᠷᠭᠠᠨ ᠤ ᠰᠢᠢᠳᠬᠡᠯ ᠥᠭᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号