ᠭᠦᠭᠡᠬᠤᠲᠠ ᠶᠢᠨ ᠵᠠᠯᠠᠭᠤᠴᠤᠳ ᠤᠨ ᠰᠢᠨ᠎ᠡ ᠵᠠᠭᠤᠴᠢᠯᠠᠭᠤᠷ ᠤᠨ ᠨᠡᠶᠢᠭᠡᠮᠯᠢᠭ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/10/8
     ᠣᠶᠢᠷ᠎ᠠ ᠳᠤ᠂ ᠭᠦᠭᠡᠬᠤᠲᠠ ᠶᠢᠨ ᠵᠠᠯᠠᠭᠤᠴᠤᠳ ᠤᠨ ᠰᠢᠨ᠎ᠡ ᠵᠠᠭᠤᠴᠢᠯᠠᠭᠤᠷ ᠤᠨ ᠨᠡᠶᠢᠭᠡᠮᠯᠢᠭ ᠪᠠᠶᠢᠭᠤᠯᠤᠭᠳᠠᠬᠤ ᠶᠡᠭᠡ ᠬᠤᠷᠠᠯ ᠵᠢᠴᠢ ᠭᠦᠭᠡᠬᠤᠲᠠ ᠶᠢᠨ ᠠᠩᠬᠠᠳᠤᠭᠠᠷ ᠬᠤᠭᠤᠴᠠᠭᠠᠨ ᠤ ︽ᠵᠠᠯᠠᠭᠤ ᠨᠠᠰᠤ·ᠠᠮᠢᠵᠢᠷᠠᠯ ᠤᠨ ᠬᠦᠴᠦᠨ︾ ᠭᠡᠬᠦ ᠭᠤᠣᠯ ᠰᠡᠳᠦᠪᠲᠦ ᠣᠬᠤᠷ ᠸᠢᠳᠢᠤ᠋ ᠤᠷᠤᠯᠳᠤᠭᠠᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠳᠤ ᠠᠮᠵᠢᠯᠲᠠ ᠲᠠᠢ ᠶᠠᠪᠤᠭᠳᠠᠪᠠ᠃ ᠤᠷᠤᠯᠳᠤᠭᠠᠨ ᠨᠢ ᠵᠠᠯᠠᠭᠤᠴᠤᠳ ᠤᠨ ᠢᠳᠡᠪᠬᠢ ᠬᠦᠴᠦᠨ ᠢ ᠳᠠᠮᠵᠢᠭᠤᠯᠵᠤ᠂ ᠣᠬᠤᠷ ᠸᠢᠳᠢᠤ᠋ ᠶᠢᠨ ᠭᠡᠯᠪᠡᠷᠢ ᠪᠠᠷ ᠠᠮᠢᠳᠤᠷᠠᠯ ᠢ ᠲᠡᠮᠳᠡᠭᠯᠡᠨ᠂ ᠣᠷᠣᠨ ᠤ ᠲᠥᠪ ᠤᠨ ᠦᠵᠡᠰᠬᠦᠯᠡᠩᠲᠦ ᠰᠠᠶᠢᠬᠠᠨ ᠬᠤᠷᠣᠮ ᠢ ᠲᠡᠮᠳᠡᠭᠯᠡᠵᠦ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠠᠯᠤᠰ ᠭᠡᠳᠦ ᠶᠢᠨ ᠬᠦᠰᠡᠯᠡᠩ ᠢ ᠪᠤᠢ ᠪᠤᠯᠭᠠᠬᠤ᠂ ᠠᠭᠤᠤ ᠶᠡᠭᠡ ᠡᠬᠡ ᠤᠯᠤᠰ ᠢᠶᠠᠨ ᠬᠠᠶᠢᠷᠠᠯᠠᠬᠤ᠂ ᠴᠠᠭ ᠦᠶ᠎ᠡ ᠶᠢᠨ ᠬᠠᠷᠢᠭᠤᠴᠠᠯᠭ᠎ᠠ ᠶᠢ ᠡᠭᠦᠷᠭᠡᠯᠡᠬᠦ᠂ ᠵᠣᠷᠢᠭᠲᠠᠢ ᠪᠠᠷ ᠡᠷᠡᠮᠡᠬᠡᠶᠢᠯᠡᠨ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠪᠠᠷ ᠵᠣᠷᠢᠯᠲᠠ ᠪᠠᠨ ᠪᠣᠯᠭᠠᠵᠠᠢ᠃      ᠬᠤᠷᠠᠯ ᠳᠡᠭᠡᠷ᠎ᠡ᠂ ᠨᠡᠶᠢᠭᠡᠮᠯᠢᠭ ᠤᠨ ᠡᠭᠦᠰᠬᠡᠨ ᠪᠠᠶᠢᠭᠤᠯᠤᠭᠴᠢ᠂ ᠨᠡᠶᠢᠭᠡᠮᠯᠢᠭ ᠤᠨ ᠳᠠᠷᠤᠭ᠎ᠠ ᠬᠥᠬᠡᠬᠦᠦ ᠠᠴᠠ ᠨᠡᠶᠢᠭᠡᠮᠯᠢᠭ ᠪᠠᠶᠢᠭᠤᠯᠤᠭᠳᠠᠭᠰᠠᠨ ᠠᠬᠤᠢ ᠪᠠᠶᠢᠳᠠᠯ᠂ ᠠᠵᠢᠯ ᠤᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠴᠢᠭᠯᠡᠯ  ᠢᠶᠠᠨ ᠲᠠᠨᠢᠯᠴᠠᠭᠤᠯᠪᠠ᠃ ᠥᠪᠥᠷ ᠮᠣᠩᠭᠤᠯ ᠤᠨ ᠰᠦᠯᠵᠢᠶᠡᠨ ᠤ ᠦᠵᠡᠵᠦ ᠰᠣᠨᠣᠰᠬᠤ ᠨᠡᠶᠢᠭᠡᠮᠯᠢᠭ᠂ ᠥᠪᠥᠷ ᠮᠣᠩᠭᠤᠯ ᠤᠨ ᠰᠢᠨ᠎ᠡ ᠵᠠᠭᠤᠴᠢᠯᠠᠭᠤᠷ ᠤᠨ ᠨᠡᠶᠢᠭᠡᠮᠯᠢᠭ᠂ ᠠᠽᠢᠶ᠎ᠠ ᠶᠢᠨ ᠪᠢᠴᠢᠯ ᠺᠢᠨᠣ᠋ ᠶᠢᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ᠂ ᠪᠡᠭᠡᠵᠢᠩ ᠤᠨ ᠪᠢᠴᠢᠯ ᠺᠢᠨᠣ᠋ ᠶᠢᠨ ᠠᠵᠤ ᠦᠢᠯᠡᠰ ᠤᠨ ᠨᠡᠶᠢᠭᠡᠮᠯᠢᠭ ᠬᠠᠮᠲᠤ ᠪᠠᠷ ᠵᠠᠯᠠᠭᠤᠴᠤᠳ ᠤᠨ ᠰᠢᠨ᠎ᠡ ᠵᠠᠭᠤᠴᠢᠯᠠᠭᠤᠷ ᠤᠨ ︽ᠪᠣᠯᠪᠠᠰᠤᠷᠠᠯ ᠤᠨ ᠰᠠᠭᠤᠷᠢᠨ︾ ᠢ ᠪᠠᠶᠢᠭᠤᠯᠵᠤ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠢᠶᠠᠷ ᠲᠠᠮᠵᠢᠨ ᠰᠢᠨ᠎ᠡ ᠵᠠᠭᠤᠴᠢᠯᠠᠭᠤᠷ ᠤᠨ ᠴᠢᠳᠠᠪᠤᠷᠢᠲᠠᠨ ᠢ ᠬᠥᠮᠥᠵᠢᠭᠦᠯᠬᠦ ᠵᠢᠴᠢ ᠬᠠᠷᠢᠶ᠎ᠠ ᠭᠠᠵᠠᠷ ᠤᠨ ᠵᠠᠯᠠᠭᠤᠴᠤᠳ ᠤᠨ ᠰᠢᠨ᠎ᠡ ᠵᠠᠭᠤᠴᠢᠯᠠᠭᠤᠷ ᠤᠨ ᠮᠡᠷᠭᠡᠵᠢᠯ ᠤᠨ ᠰᠤᠳᠤᠯᠭᠠᠨ᠂ ᠪᠣᠯᠪᠠᠰᠤᠷᠠᠯ᠂ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ  ᠳᠤ ᠲᠠᠪᠴᠠᠩ ᠪᠠᠶᠢᠭᠤᠯᠵᠤ ᠥᠭᠴᠡᠢ᠃      ᠣᠶᠢᠯᠠᠭᠠᠭᠰᠠᠨ ᠢᠶᠠᠷ᠂ ᠭᠦᠭᠡᠬᠤᠲᠠ ᠶᠢᠨ ᠵᠠᠯᠠᠭᠤᠴᠤᠳ ᠤᠨ ᠰᠢᠨ᠎ᠡ ᠵᠠᠭᠤᠴᠢᠯᠠᠭᠤᠷ ᠤᠨ ᠨᠡᠶᠢᠭᠡᠮᠯᠢᠭ ᠢ ᠭᠦᠭᠡᠬᠤᠳᠠ ᠶᠢᠨ ᠵᠠᠯᠠᠭᠤᠴᠤᠳ ᠤᠨ ᠰᠢᠨ᠎ᠡ ᠵᠠᠭᠤᠴᠢᠯᠠᠭᠤᠷ ᠡᠷᠭᠢᠯᠡᠵᠥ ᠪᠠᠶᠢᠭ᠎ᠠ ᠠᠵᠤ ᠠᠬᠤᠶᠢᠯᠠᠯ ᠪᠣᠯᠣᠨ ᠬᠤᠪᠢ ᠬᠥᠮᠥᠨ ᠰᠠᠶᠢᠨ ᠳᠤᠷ᠎ᠠ ᠠᠴᠠ ᠪᠠᠨ ᠡᠭᠦᠰᠬᠡᠨ ᠪᠠᠶᠢᠭᠤᠯᠵᠤ᠂ ᠭᠦᠭᠡᠬᠤᠳᠠ ᠶᠢᠨ ᠡᠪᠯᠡᠯ ᠤᠨ ᠬᠤᠷᠢᠶ᠎ᠠ ᠶᠢᠨ ᠬᠢᠨ ᠲᠦᠷᠦᠭᠦᠯᠡᠨ ᠪᠠᠶᠢᠭᠤᠯᠤᠭᠰᠠᠨ ᠶᠤᠮ᠃ ᠨᠡᠶᠢᠭᠡᠮᠯᠢᠭ ᠪᠠᠶᠢᠭᠤᠯᠤᠭᠳᠠᠭᠰᠠᠨ ᠨᠢ ᠵᠠᠯᠠᠭᠤᠴᠤᠳ ᠤᠨ ᠰᠢᠨ᠎ᠡ ᠵᠠᠭᠤᠴᠢᠯᠠᠭᠤᠷ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠭᠰᠡᠨ ᠢ ᠬᠠᠷᠠᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠣᠷᠣᠨ ᠤ ᠲᠥᠪ ᠤᠨ ᠦᠯᠢᠭᠡᠷ ᠢ ᠰᠠᠶᠢᠲᠤᠷ ᠶᠠᠷᠢᠬᠤ᠂ ᠣᠷᠣᠨ ᠤ ᠲᠥᠪ ᠤᠨ ᠢᠳᠡᠪᠬᠢ ᠬᠦᠴᠦᠨ ᠢ ᠪᠠᠳᠠᠷᠠᠭᠤᠯᠬᠤ᠂ ᠨᠡᠶᠢᠭᠡᠮ ᠤᠨ ᠭᠤᠣᠯ ᠭᠦᠭ ᠠᠶᠠᠰ ᠢ ᠴᠢᠪᠬᠠᠳᠠᠬᠤ᠂ ᠣᠷᠣᠨ ᠤ ᠲᠥᠪ ᠤᠨ ᠢᠳᠡᠪᠬᠢᠲᠡᠢ ᠵᠥᠪ ᠲᠠᠯ᠎ᠠ ᠶᠢᠨ ᠰᠦᠯᠵᠢᠶᠡᠨ ᠤ ᠳᠦᠷᠢ ᠲᠥᠷᠬᠦ ᠶᠢ ᠱᠤᠭᠤᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号