6 ᠰᠠᠯᠠᠭ᠎ᠠ ᠮᠥᠴᠢᠷ ᠡᠨᠡᠬᠦ ᠰᠠᠨᠠᠯ ᠢ ᠳᠠᠷᠤᠮᠠᠯᠯᠠᠨ ᠲᠠᠷᠬᠠᠭᠠᠯ᠎ᠠ
ᠨᠡᠶᠢᠲᠡᠯᠡᠭᠰᠡᠨ ᠴᠠᠭ᠄
2024/10/9
     ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠮᠢ ᠠᠬᠤᠢ ᠣᠷᠴᠢᠨ ᠲᠣᠭᠤᠷᠢᠨ ᠤ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠤᠯᠤᠰ ᠤᠨ ᠡᠨᠧᠷᠭᠢ ᠶᠢᠨ ᠲᠣᠪᠴᠢᠶ᠎ᠠ ᠣᠶᠢᠷ᠎ᠠ ᠳᠤ ᠬᠠᠮᠲᠤᠷᠠᠨ︽ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠴᠢᠩᠭᠠᠳᠬᠠᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ᠃      ᠲᠤᠰ ᠰᠠᠨᠠᠯ ᠳᠤ ᠪᠣᠬᠢᠷᠳᠤᠯ ᠦᠭᠡᠢ ᠬᠠᠮᠵᠢᠯᠴᠠᠭ᠎ᠠ ᠶᠢᠨ ᠨᠡᠭᠡᠭᠡᠨ ᠬᠥᠭᠵᠢᠭᠦᠯᠬᠦ ᠰᠢᠰᠲ᠋ᠧᠮ᠂ ᠠᠮᠤᠷ ᠲᠦᠪᠰᠢᠨ ᠣᠷᠴᠢᠨ ᠠᠬᠤᠢ ᠶᠢ ᠬᠠᠮᠠᠭᠠᠯᠠᠬᠤ ᠦᠢᠯᠡᠳᠪᠦᠷᠢᠯᠡᠯ ᠤᠨ ᠰᠢᠰᠲ᠋ᠧᠮ᠂ ᠠᠷᠢᠭᠤᠨ ᠴᠡᠪᠡᠷ ᠪᠦᠷᠢᠨ ᠲᠡᠭᠦᠯᠳᠡᠷ ᠬᠠᠳᠠᠭᠠᠯᠠᠵᠤ ᠲᠡᠭᠡᠭᠡᠪᠦᠷᠢᠯᠡᠬᠦ ᠰᠢᠰᠲ᠋ᠧᠮ᠂ ᠣᠯᠠᠨ ᠡᠰᠢᠲᠦ ᠥᠨᠳᠥᠷ ᠪᠦᠲᠦᠮᠵᠢᠲᠡᠶ ᠬᠡᠷᠡᠭᠯᠡᠬᠦ ᠰᠢᠰᠲ᠋ᠧᠮ ᠢ ᠪᠠᠶᠢᠭᠤᠯᠬᠤ ᠵᠡᠷᠭᠡ 4 ᠲᠠᠯ᠎ᠠ ᠠᠴᠠ 15 ᠵᠦᠢᠯ ᠤᠨ ᠭᠤᠣᠯᠳᠠᠯᠭ᠎ᠠ ᠲᠠᠢ ᠡᠭᠦᠷᠭᠡ ᠪᠠ ᠪᠣᠳᠠᠲᠠᠢ ᠠᠷᠭ᠎ᠠ ᠬᠡᠮᠵᠢᠶ᠎ᠡ ᠶᠢ ᠪᠠᠶᠢᠷᠢᠯᠠᠭᠤᠯᠤᠭᠰᠠᠨ ᠪᠥᠭᠡᠳ ᠬᠤᠯᠪᠣᠭᠳᠠᠯ ᠪᠦᠬᠦᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠵᠤ᠂ ᠨᠡᠭᠦᠷᠡᠰᠦᠨ ᠤ ᠨᠡᠭᠡᠭᠡᠨ ᠬᠥᠭᠵᠢᠭᠦᠯᠦᠯᠲᠡ᠂ ᠦᠢᠯᠡᠳᠪᠦᠷᠢᠯᠡᠯ᠂ ᠬᠠᠳᠠᠭᠠᠯᠠᠵᠤ ᠲᠡᠭᠡᠭᠡᠪᠦᠷᠢᠯᠡᠬᠦ᠂ ᠬᠡᠷᠡᠭᠯᠡᠬᠦ ᠪᠦᠭᠦ ᠭᠤᠭᠴᠤᠭ᠎ᠠ ᠶᠢᠨ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠶ ᠠᠰᠢᠭᠯᠠᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠶᠢ ᠠᠬᠢᠭᠤᠯᠤᠨ᠎ᠠ ᠭᠡᠪᠡ᠃      ᠡᠨᠡᠬᠦ ᠰᠠᠨᠠᠯ ᠳᠤ᠂ 2030 ᠣᠨ ᠪᠤᠯᠬᠤ ᠳᠤ ᠨᠡᠭᠦᠷᠡᠰᠦᠨ ᠤ ᠪᠣᠬᠢᠷᠳᠤᠯ ᠦᠭᠡᠢ ᠣᠶᠤᠨᠴᠢ ᠨᠡᠭᠡᠭᠡᠨ ᠬᠥᠭᠵᠢᠭᠦᠯᠬᠦ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠦᠢᠯᠡᠳᠪᠦᠷᠢᠯᠡᠯ ᠤᠨ ᠡᠨᠧᠷᠭᠢ ᠶᠢᠨ ᠬᠤᠷᠣᠭᠳᠠᠯ ᠤᠨ ᠡᠷᠴᠢᠮ ᠢ ᠠᠯᠬᠤᠮ ᠠᠯᠬᠤᠮ ᠢᠶᠠᠷ ᠪᠠᠭᠤᠷᠠᠭᠤᠯᠵᠤ᠂ ᠨᠥᠭᠡᠴᠡᠯᠡᠨ ᠲᠡᠭᠡᠭᠡᠪᠦᠷᠢᠯᠡᠬᠦ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠲᠠᠸᠠᠷ ᠤᠨ ᠨᠡᠭᠦᠷᠡᠰᠦᠨ ᠤ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠨᠡᠭᠦᠷᠡᠰᠦ ᠬᠡᠷᠡᠭᠯᠡᠬᠦ ᠦᠷ᠎ᠡ ᠪᠦᠲᠦᠮᠵᠢ ᠪᠠ ᠴᠡᠪᠡᠷᠰᠢᠭᠦᠯᠬᠦ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠠᠷᠪᠢᠯᠠᠨ ᠡᠷᠴᠢᠮᠵᠢᠭᠦᠯᠬᠦ᠂ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠳᠤ ᠵᠣᠬᠢᠴᠠᠭᠰᠠᠨ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ ᠭᠡᠵᠦ ᠲᠣᠳᠣᠷᠬᠠᠶᠢᠯᠠᠪᠠ᠃      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠂ ᠦᠨᠡᠯᠡᠨ ᠵᠢᠱᠢᠵᠦ ᠱᠠᠯᠠᠪᠳᠠᠨ ᠵᠢᠯᠤᠭᠤᠳᠬᠤ ᠠᠵᠢᠯ ᠥᠷᠨᠢᠭᠦᠯᠵᠦ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠢᠯᠣᠭᠤᠳᠤᠨ ᠱᠠᠯᠠᠪᠳᠠᠭᠤᠯᠵᠤ ᠪᠠᠶᠢᠭᠠᠳ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠪᠢᠴᠢᠭ ᠮᠠᠲ᠋ᠧᠷᠢᠶᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠢ ᠰᠠᠶᠢᠲᠤᠷ ᠠᠳᠬᠤᠵᠤ᠂ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠶ ᠠᠰᠢᠭᠯᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠨᠠᠩ ᠰᠠᠶᠢᠲᠤᠷ ᠲᠤᠯᠭᠠᠭᠤᠷᠢᠯᠠᠨ ᠪᠠᠲᠤᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠭᠡᠵᠡᠢ᠃      ︵ᠪᠦᠭᠦ ᠠᠭᠤᠯᠭ᠎ᠠ ᠶᠢ 阅读原文 ᠢ ᠲᠣᠪᠴᠢᠳᠠᠵᠤ ᠦᠵᠡᠭᠡᠷᠡᠢ︶      ᠢᠷᠡᠯᠲᠡ᠄ ᠰᠢᠨᠬᠤᠸᠠ ᠬᠤᠷᠢᠶ᠎ᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ  ᠰᠦᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号