ᠲᠦᠷᠦᠭᠦᠦ ᠭᠤᠷᠪᠠᠨ ᠤᠯᠠᠷᠢᠯ ᠳᠤ ᠥᠪᠥᠷ ᠮᠣᠩᠭᠤᠯ ᠤᠨ ᠡᠨᠧᠷᠬᠢ ᠶᠢᠨ ᠪᠦᠯᠦᠭᠯᠡᠯ 10.3 ᠳ᠋ᠦᠩᠰᠢᠭᠤᠷ ᠲᠥᠭᠦᠷᠢᠭ ᠤᠨ ᠠᠰᠢᠭ ᠣᠯᠵᠠᠪᠤᠷᠢ ᠣᠯᠪᠠ
ᠨᠡᠶᠢᠲᠡᠯᠡᠭᠰᠡᠨ ᠴᠠᠭ᠄
2024/10/9
     1 - 9 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠡᠨᠧᠷᠬᠢ ᠶᠢᠨ ᠪᠦᠯᠦᠭᠯᠡᠯ ᠨᠡᠶᠢᠲᠡ 183.7  ᠳ᠋ᠦᠩᠰᠢᠭᠤᠷ ᠲᠥᠭᠦᠷᠢᠭ  ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ   ᠬᠢ ᠠᠴᠠ 24.8 ᠳ᠋ᠦᠩᠰᠢᠭᠤᠷ ᠲᠥᠭᠦᠷᠢᠭ ᠨᠡᠮᠡᠭᠳᠡᠨ᠂ 15.6% ᠪᠠᠷ ᠨᠡᠮᠡᠭᠳᠡᠪᠡ︔ ᠡᠵᠡᠩᠨᠡᠯᠲᠡ ᠶᠢᠨ  ᠴᠢᠨᠠᠷᠲᠠᠢ ᠠᠰᠢᠭ ᠬᠤᠨᠵᠢᠪᠤᠷᠢ ᠶᠢ 10.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.3 ᠳ᠋ᠦᠩᠰᠢᠭᠤᠷ ᠲᠥᠭᠦᠷᠢᠭ ᠨᠡᠮᠡᠭᠳᠡᠨ᠂ 421% ᠪᠠᠷ ᠨᠡᠮᠡᠭᠳᠡᠪᠡ︔ ᠳᠡᠭᠡᠭᠰᠢ ᠲᠤᠰᠢᠶᠠᠭᠰᠠᠨ ᠭᠠᠶᠢᠯᠢ ᠰᠦᠢᠳᠬᠡᠯ 21.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9 ᠳ᠋ᠦᠩᠰᠢᠭᠤᠷ ᠲᠥᠭᠦᠷᠢᠭ ᠨᠡᠮᠡᠭᠳᠡᠨ᠂ 37.6% ᠪᠠᠷ ᠨᠡᠮᠡᠭᠳᠡᠪᠡ᠃ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 460.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 110.5 ᠳ᠋ᠦᠩᠰᠢᠭᠤᠷ ᠺᠢᠯᠣᠸᠠᠲ ᠴᠠᠭ ᠨᠡᠮᠡᠭᠳᠡᠨ᠂ 31.6% ᠪᠠᠷ ᠨᠡᠮᠡᠭᠳᠡᠪᠡ︔ ᠢᠯᠴᠢ ᠬᠠᠩᠭᠠᠭᠰᠠᠨ ᠬᠡᠮᠵᠢᠶ᠎ᠡ  ᠶᠢ 2358.7 ᠲᠦᠮᠡᠨ ᠵᠢᠢ ᠵᠢᠶᠣᠣ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 522.8 ᠲᠦᠮᠡᠨ ᠵᠢᠢ ᠵᠢᠶᠣᠣ ᠨᠡᠮᠡᠭᠳᠡᠨ᠂ 28.5% ᠪᠠᠷ ᠨᠡᠮᠡᠭᠳᠡᠪᠡ︔ ᠨᠡᠭᠦᠷᠡᠰᠦᠨ ᠤ ᠪᠣᠷᠤᠯᠠᠭᠤᠯᠭ᠎ᠠ ᠶᠢᠨ ᠬᠡᠮᠵᠢᠶ᠎ᠡ ᠶᠢ 670.6 ᠲᠦᠮᠡᠨ ᠲᠣᠨ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 228.5 ᠲᠦᠮᠡᠨ ᠲᠣᠨ ᠨᠡᠮᠡᠭᠳᠡᠨ᠂ 51.7% ᠪᠠᠷ ᠨᠡᠮᠡᠭᠳᠡᠪᠡ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠺᠣᠮᠫᠠᠨᠢ ᠶᠢᠨ ᠪᠡᠯᠡ ᠬᠥᠷᠥᠩᠭᠡ ᠶᠢᠨ ᠪᠥᠬᠦ ᠲᠤᠭ᠎ᠠ 1305.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 398.8 ᠳ᠋ᠦᠩᠰᠢᠭᠤᠷ ᠲᠥᠭᠦᠷᠢᠭ ᠨᠡᠮᠡᠭᠳᠡᠨ᠂ 44% ᠪᠠᠷ ᠨᠡᠮᠡᠭᠳᠡᠪᠡ᠃ ︵ᠥᠪᠥᠷ ᠮᠣᠩᠭᠤᠯ ᠤᠨ ᠡᠨᠧᠷᠬᠢ ᠶᠢᠨ ᠪᠦᠯᠦᠭᠯᠡᠯ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号