| | ᠠᠯᠳᠠᠨ ᠨᠠᠮᠤᠷ ᠤᠨ ᠪᠠᠶᠠᠰᠤᠯᠳᠤ ᠠᠮᠠᠷᠠᠯᠲᠠ ᠶᠢᠨ ᠬᠤᠭᠤᠴᠠᠭᠠᠨ ᠳᠤ ᠤᠯᠤᠰ ᠢᠶᠠᠨ ᠬᠠᠶᠢᠷᠠᠯᠠᠬᠤ ᠠᠭᠤᠷ | ᠠᠮᠢᠰᠬᠤᠯ ᠤᠨ ᠳᠤᠮᠳᠠ ᠵᠢᠭᠤᠯᠴᠢᠯᠠᠯ ᠤᠨ ᠬᠠᠯᠠᠭᠤᠨ ᠰᠡᠳᠬᠢᠯᠭᠡ ᠳᠠᠪᠬᠤᠴᠠᠵᠤ᠂ ᠡᠨᠡ ᠬᠦ ᠤᠯᠤᠰ ᠤᠨ ᠪᠠᠶᠠᠷ ᠤᠨ | ᠠᠮᠠᠷᠠᠯᠲᠠ ᠶᠢᠨ ᠬᠤᠭᠤᠴᠠᠭᠠᠨ ᠳᠤ ᠬᠥᠮᠥᠰ ᠡᠬᠡ ᠤᠯᠤᠰ ᠢᠶᠠᠨ ᠭᠡᠰᠡᠨ ᠬᠦᠰᠡᠯ ᠵᠥᠩᠨᠡᠯ᠂ ᠠᠮᠢᠳᠤᠷᠠᠯ ᠢᠶᠠᠨ ᠭᠡᠰᠡᠨ | ᠬᠠᠯᠠᠭᠤᠨ ᠬᠠᠶᠢᠷ᠎ᠠ ᠡᠪᠦᠷᠯᠡᠨ ᠡᠬᠡ ᠤᠯᠤᠰ ᠤᠨ ᠤᠮᠠᠷᠠᠲᠤ ᠬᠢᠯᠢ ᠶᠢ ᠵᠣᠷᠢᠭᠰᠠᠨ ᠶᠤᠮ᠃ ᠥᠪᠥᠷ ᠮᠣᠩᠭᠤᠯ ᠤᠨ | ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠤᠯᠤᠰ ᠤᠨ ᠪᠠᠶᠠᠷ ᠤᠨ | ᠠᠮᠠᠷᠠᠯᠲᠠ ᠶᠢᠨ ᠲᠦᠷᠦᠭᠦᠦ 6 ᠡᠳᠦᠷ ᠲᠤ ᠮᠠᠨ ᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠯᠠᠬᠰᠠᠳ ᠢ | ᠨᠡᠶᠢᠲᠡ 1767.08 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ | ᠵᠢᠭᠤᠯᠴᠢᠯᠠᠬᠰᠠᠳ ᠤᠨ ᠵᠠᠷᠤᠳᠠᠯ ᠨᠡᠶᠢᠲᠡ 124.22 ᠳ᠋ᠦᠩᠰᠢᠭᠤᠷ ᠲᠥᠭᠦᠷᠢᠭ ᠬᠦᠷᠴᠡᠢ᠃ | | | ᠤᠯᠤᠰ ᠤᠨ ᠪᠠᠶᠠᠷ ᠤᠨ ᠠᠮᠠᠷᠠᠯᠲᠠ ᠠᠴᠠ ᠡᠮᠦᠨᠡᠬᠡᠨ ᠮᠠᠨ ᠤ ᠣᠷᠣᠨ ︽ᠠᠶᠠᠯᠭᠤᠲᠤ ᠵᠢᠭᠤᠯᠴᠢᠯᠠᠯ ᠤᠨ | ᠥᠪᠥᠷ ᠮᠣᠩᠭᠤᠯ︾ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠨᠡᠶᠢᠲᠡᠯᠡᠭᠰᠡᠨ ᠪᠥᠭᠡᠳ ︽ | ᠥᠪᠥᠷ ᠮᠣᠩᠭᠤᠯ ᠠᠴᠠ ᠢᠷᠡᠭᠰᠡᠨ ᠨᠠᠮᠤᠷ ᠤᠨ ᠤᠷᠢᠯᠭ᠎ᠠ︾ ᠶᠢᠨ 20 ᠵᠤᠷᠪᠤᠰ ᠰᠣᠳᠣᠨ ᠵᠢᠭᠤᠯᠴᠢᠯᠠᠯ ᠤᠨ ᠵᠠᠮ | ᠱᠤᠭᠤᠮ ᠢ ᠭᠠᠷᠭᠠᠵᠤ᠂ ᠡᠯ᠎ᠡ ᠠᠶᠢᠮᠠᠭ ᠬᠤᠳᠠ ᠶᠢᠨ ᠬᠢᠨ ᠪᠠᠰᠠ 130 ᠵᠦᠢᠯ ᠤᠨ ᠭᠤᠣᠯᠳᠠᠯᠭ᠎ᠠ ᠲᠠᠢ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠢ ᠲᠥᠯᠥᠪᠵᠢᠭᠦᠯᠵᠦ᠂ ︽ᠰᠣᠶᠣᠯ ᠵᠢᠭᠤᠯᠴᠢᠯᠠᠯ ᠤᠨ ᠬᠠᠮ ᠠᠷᠭ᠎ᠠ | ᠬᠡᠮᠵᠢᠶ᠎ᠡ︾ ᠶᠢᠨ ᠳᠠᠪᠬᠤᠴᠠᠭᠰᠠᠨ ᠦᠢᠯᠡᠳᠦᠯ ᠳᠣᠣᠷ᠎ᠠ᠂ ᠥᠷᠭᠡᠨ ᠤᠯᠠᠨ ᠵᠢᠭᠤᠯᠴᠢᠯᠠᠬᠰᠠᠳ ᠤᠨ ᠬᠦᠷᠢᠶᠡᠯᠡᠯ ᠢ | ᠣᠯᠣᠭᠰᠠᠨ ᠪᠠᠶᠢᠨ᠎ᠠ᠃ ᠰᠢᠶᠧ ᠴᠧᠩ ᠰᠦᠯᠵᠢᠶ᠎ᠡ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠤᠯᠤᠰ ᠤᠨ | ᠪᠠᠶᠠᠷ ᠤᠨ ᠬᠤᠭᠤᠴᠠᠭᠠᠨ ᠳᠤ ᠮᠠᠨ ᠤ ᠣᠷᠣᠨ ᠤ ᠵᠢᠭᠤᠯᠴᠢᠯᠠᠯ ᠤᠨ ᠵᠠᠬᠢᠶᠠᠯᠠᠭ᠎ᠠ ᠶᠢᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 15% ᠪᠠᠷ ᠨᠡᠮᠡᠭᠳᠡᠵᠦ᠂ ᠡᠭᠦᠳᠡᠨ ᠪᠢᠯᠧᠲ ᠤᠨ ᠵᠠᠬᠢᠶᠠᠯᠠᠭ᠎ᠠ ᠶᠢᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 23% ᠪᠠᠷ ᠨᠡᠮᠡᠭᠳᠡᠵᠦ᠂ ᠬᠢᠯᠢ ᠳᠤ ᠣᠷᠣᠵᠤ ᠢᠷᠡᠭᠰᠡᠨ ᠵᠠᠬᠢᠶᠠᠯᠠᠭ᠎ᠠ ᠶᠢᠨ ᠬᠡᠮᠵᠢᠶ᠎ᠡ | ᠠᠳᠠᠯᠢ ᠬᠤᠭᠤᠴᠠᠭᠠᠨ ᠤ ᠬᠢ ᠠᠴᠠ 23% ᠪᠠᠷ ᠨᠡᠮᠡᠭᠳᠡᠵᠦ᠂ ᠭᠤᠣᠯ ᠪᠤᠯᠬᠤ ᠠᠶᠠᠨᠴᠢᠳ ᠤᠨ ᠢᠷᠡᠯᠲᠡ ᠶᠢᠨ | ᠭᠠᠵᠠᠷ ᠨᠢ ᠪᠡᠭᠡᠵᠢᠩ᠂ ᠱᠠᠩᠬᠠᠢ᠂ ᠲᠢᠶᠠᠨᠵᠢᠨ᠂ ᠮᠦᠭᠳᠡᠨ᠂ ᠰᠢ ᠠᠨ ᠪᠣᠯᠣᠨ᠎ᠠ᠃ | | | 10 ᠰᠠᠷ᠎ᠠ ᠶᠢᠨ 1 ᠤ ᠡᠳᠦᠷ᠂ ᠣᠷᠳᠣᠰ ᠤᠨ ᠮᠦᠽᠧᠢ ︽ᠪᠣᠳᠠᠰ ᠤᠨ ᠪᠤᠰᠤ ᠰᠣᠶᠣᠯ ᠤᠨ ᠥᠪ ᠤᠨ | ᠦᠨᠡᠲᠦ ᠡᠷᠳᠡᠨᠢ ᠰᠢᠷᠳᠡᠮᠡᠯ ᠳᠡᠪᠢᠭᠦᠷ ᠤᠨ ᠬᠥᠩᠭᠡᠨ ᠰᠠᠵᠢᠯᠠᠭ᠎ᠠ︾ᠪᠣᠳᠠᠰ ᠤᠨ ᠪᠤᠰᠤ ᠰᠣᠶᠣᠯ ᠤᠨ ᠥᠪ ᠤᠨ | ᠭᠤᠣᠯ ᠰᠡᠳᠦᠪᠲᠦ ᠠᠵᠢᠯᠯᠠᠭ᠎ᠠ ᠶᠢ ᠡᠷᠭᠢᠯᠡᠵᠦ᠂ ᠨᠡᠶᠢᠲᠡ 200 ᠭᠠᠷᠤᠢ ᠬᠥᠮᠥᠨ ᠲᠣᠰ ᠤᠳᠠᠭᠠᠨ ᠤ | ᠠᠵᠢᠯᠯᠠᠭ᠎ᠠ ᠳᠤ ᠣᠷᠣᠯᠴᠠᠪᠠ᠃ ᠰᠣᠩᠭᠤᠳᠠᠭ ᠲᠠᠯ᠎ᠠ ᠨᠤᠲᠤᠭ ᠤᠨ ᠳᠠᠭᠤᠤ ᠶᠢᠨ ᠳᠣᠪᠤᠶᠢᠯᠭᠠᠯ ᠳᠣᠣᠷ᠎ᠠ᠂ | ᠵᠢᠭᠤᠯᠴᠢᠯᠠᠬᠰᠠᠳ ᠥᠪᠡᠷ ᠢᠶᠠᠨ ᠭᠠᠷ ᠬᠥᠳᠡᠯᠦᠨ ᠰᠢᠷᠳᠡᠮᠡᠯ ᠳᠡᠪᠢᠭᠦᠷ ᠦᠢᠯᠡᠳᠴᠦ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠮᠡᠳᠡᠷᠡᠬᠦ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠨᠡᠮᠡᠭᠳᠡᠭᠦᠯᠪᠡ᠃ | ᠭᠦᠭᠡᠬᠤᠲᠠ ᠶᠢᠨ ᠪᠣᠭᠤᠮᠲᠠ ᠶᠢᠨ ᠭᠠᠳᠠᠨᠠᠬᠢ ᠬᠠᠭᠤᠴᠢᠨ ᠵᠡᠭᠡᠯᠢ ᠠᠮᠠᠷᠠᠯᠲᠠ ᠶᠢᠨ ᠬᠤᠭᠤᠴᠠᠭᠠᠨ ᠳᠤ ᠬᠥᠭᠵᠢᠶᠡᠨ | ᠨᠠᠷᠭᠢᠶᠠᠨ ᠢᠶᠠᠷ ᠪᠢᠯᠬᠠᠵᠤ᠂ 5 ᠡᠳᠦᠷ ᠦᠷᠭᠦᠯᠵᠢᠯᠡᠭᠰᠡᠨ ︽ᠡᠬᠡ ᠭᠠᠵᠠᠷ ᠤᠨ ᠨᠢᠰᠦᠭᠡ ᠳᠠᠭᠤᠤ︾ᠥᠨᠳᠥᠷ | ᠣᠭᠲᠠᠷᠭᠤᠢ ᠶᠢᠨ ᠤᠷᠠᠨ ᠳᠤᠬᠯᠠᠯᠳᠠ ᠨᠢ ᠭᠦᠭᠡᠬᠤᠲᠠ ᠶᠢᠨ ᠲᠤᠰ ᠭᠠᠵᠠᠷ ᠤᠨ ᠰᠣᠶᠣᠯ ᠢ ᠥᠨᠳᠥᠷ | ᠣᠭᠲᠠᠷᠭᠤᠢ ᠶᠢᠨ ᠲᠣᠬᠯᠠᠯᠲᠠ᠂ ᠲᠠᠶᠢᠰᠠᠨ ᠤ ᠲᠣᠬᠯᠠᠯᠲᠠ ᠲᠠᠢ ᠤᠶᠠᠯᠳᠤᠭᠤᠯᠵᠤ᠂ ᠬᠥᠮᠥᠰ ᠲᠤ ᠭᠠᠶᠢᠬᠠᠮᠰᠢᠭᠲᠠᠢ | ᠬᠠᠷᠠᠭᠠᠨ ᠰᠡᠷᠡᠯ ᠤᠨ ᠲᠥᠷᠥᠭᠳᠡᠯ ᠣᠯᠭᠤᠭᠰᠠᠨ ᠶᠤᠮ᠃ ᠠᠮᠠᠷᠠᠯᠲᠠ ᠶᠢᠨ ᠬᠤᠭᠤᠴᠠᠭᠠᠨ ᠠᠴᠠ ᠡᠮᠦᠨ᠎ᠡ᠂ ᠬᠥᠯᠥᠨ | ᠪᠤᠶᠢᠷ ᠤᠨ ᠭᠡᠭᠡᠨ ᠭᠤᠣᠯ ᠬᠤᠳᠠ ᠳᠤ ᠨᠠᠮᠤᠷ ᠤᠨ ᠠᠭᠤᠷ ᠣᠷᠣᠭᠰᠠᠨ ᠠᠴᠠ ᠨᠠᠭᠠᠰᠢᠬᠢ ᠠᠩᠬᠠᠨ ᠤ ᠶᠡᠭᠡ ᠴᠠᠰᠤ | ᠣᠷᠣᠵᠤ᠂ ᠬᠠᠮᠤᠭ ᠤᠨ ᠵᠤᠵᠠᠭᠠᠨ ᠨᠢ 20 ᠰᠠᠨᠲ᠋ᠢᠮᠧᠲᠷ ᠪᠠᠶᠢᠵᠤ᠂ ᠬᠠᠮᠤᠭ ᠤᠨ ᠳᠣᠣᠷ᠎ᠠ ᠠᠭᠠᠷ ᠤᠨ ᠳᠤᠯᠠᠭᠠᠨ | ᠲᠡᠭ ᠠᠴᠠ ᠳᠣᠷᠣᠭᠰᠢ 10 ᠭᠷᠡᠳᠦ᠋ᠰ ᠲᠤ ᠬᠦᠷᠴᠦ᠂ ᠵᠢᠭᠤᠯᠴᠢᠯᠠᠯ ᠤᠨ ᠤᠯᠠᠷᠢᠯ ᠳᠤ ᠬᠡᠳᠦᠨ ᠬᠤᠪᠢ ᠬᠦᠢᠲᠡᠨ ᠤ | ᠲᠤᠶᠢᠯ ᠤᠨ ᠭᠠᠶᠢᠬᠠᠮᠰᠢᠭ ᠢ ᠢᠯᠡᠷᠡᠭᠦᠯᠦᠭᠰᠡᠨ ᠪᠠᠶᠢᠨ᠎ᠠ᠃ ᠤᠯᠭᠤᠶᠠ ᠶᠢᠨ ᠴᠠ ᠪᠤᠭᠤ ᠶᠢᠨ ᠦᠵᠡᠮᠵᠢ ᠶᠢᠨ | ᠣᠷᠣᠨ ᠳᠤ ᠵᠢᠭᠤᠯᠴᠢᠯᠠᠬᠰᠠᠳ ᠡᠸᠡᠩᠬᠢ ᠦᠨᠳᠦᠰᠦᠲᠡᠨ ᠤ ᠰᠣᠶᠣᠯ ᠤᠨ ᠠᠭᠤᠷ ᠠᠮᠢᠰᠬᠤᠯ ᠳᠤ ᠰᠣᠭᠲᠣᠭᠤᠷᠠᠵᠤ᠂ | ᠦᠵᠡᠮᠵᠢ ᠶᠢᠨ ᠣᠷᠣᠨ ᠳᠤ ᠨᠠᠮᠤᠷ ᠤᠨ ᠦᠵᠡᠮᠵᠢ ᠪᠣᠯᠣᠨ ᠠᠩᠬᠠᠨ ᠤ ᠴᠠᠰᠤᠨ ᠤ ᠴᠡᠪᠡᠷ ᠥᠩᠭᠡ ᠰᠣᠯᠪᠢᠴᠠᠨ᠂ | ᠵᠢᠭᠤᠯᠴᠢᠯᠠᠬᠰᠠᠳ ᠬᠥᠭᠡᠷᠦᠬᠦᠨ ᠴᠠ ᠪᠤᠭᠤ ᠲᠠᠢ ᠣᠶᠢᠷᠠᠲᠤᠵᠤ ᠪᠤᠯᠬᠤ ᠪᠠᠷ ᠪᠠᠷᠠᠬᠤ ᠦᠭᠡᠢ᠂ ᠪᠠᠰᠠ ᠭᠤᠶᠢᠳᠠ | ᠰᠠᠶᠢᠬᠠᠨ ᠦᠨᠳᠦᠰᠦᠲᠡᠨ ᠤ ᠪᠥᠵᠢᠭ ᠤᠨ ᠲᠣᠬᠯᠠᠯᠲᠠ ᠶᠢ ᠰᠣᠨᠢᠷᠬᠠᠵᠤ ᠪᠣᠯᠣᠨ᠎ᠠ᠃ |