5 ᠶᠡᠭᠡ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠦᠷᠲᠡᠭᠡ ᠳᠤ ᠫᠠᠶᠢᠰᠠ ᠣᠯᠭᠤᠪᠠ
ᠨᠡᠶᠢᠲᠡᠯᠡᠭᠰᠡᠨ ᠴᠠᠭ᠄
2024/10/9
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠲᠦᠷᠦᠭᠦᠬᠡᠨ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠪᠦᠭᠦ ᠣᠷᠣᠨ ᠤ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠰᠢᠷᠢᠰ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠢ ᠬᠠᠮᠲᠤᠷᠠᠨ ᠥᠷᠨᠢᠭᠦᠯᠵᠦ᠂ 5 ᠶᠡᠭᠡ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠦᠷᠲᠡᠭᠡ ᠳᠤ ᠲᠥᠪᠯᠡᠷᠡᠭᠦᠯᠦᠨ ᠫᠠᠶᠢᠰᠠ ᠣᠯᠭᠤᠪᠠ᠃      ᠡᠭᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ ᠭᠦᠭᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠵᠡᠷᠭᠡ 5 ᠶᠡᠭᠡ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠳᠤ ᠲᠥᠪᠯᠡᠷᠡᠭᠦᠯᠦᠨ ᠫᠠᠶᠢᠰᠠ ᠣᠯᠭᠤᠬᠤ ᠶᠣᠰᠣᠯᠠᠯ ᠶᠠᠪᠤᠭᠤᠯᠤᠭᠰᠠᠨ ᠪᠥᠭᠡᠳ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠳᠡᠭᠡᠳᠦ ᠰᠤᠷᠭᠠᠭᠤᠯᠢ ᠶᠢᠨ 12 ᠰᠠᠶᠢᠨ ᠳᠤᠷᠠᠴᠤᠳ  ᠲᠤ ᠬᠠᠤᠯᠢ ᠴᠠᠭᠠᠵᠠ ᠶᠢᠨ ᠰᠠᠶᠢᠨ ᠳᠤᠷᠠᠴᠤᠳ ᠤᠨ ᠲᠡᠮᠳᠡᠭ ᠣᠯᠭᠤᠪᠠ᠃ ᠥᠪᠥᠷ ᠮᠣᠩᠭᠤᠯ ᠤᠨ ︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠲᠠᠪᠴᠠᠩ ᠤᠨ ᠬᠢᠨ ᠲᠤᠬᠠᠢ ᠶᠢᠨ ᠲᠠᠯᠠᠪᠤᠷ ᠲᠤ ᠥᠷᠭᠡᠨ ᠣᠯᠠᠨ ᠪᠠᠭᠰᠢ ᠰᠤᠷᠤᠬᠴᠢᠳ ᠲᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡᠨ ᠤ ᠵᠥᠪᠯᠡᠯᠭᠡ ᠬᠢᠪᠡ᠃ ᠣᠳᠣᠬᠠᠨ ᠳᠤ᠂ ᠪᠦᠭᠦ ᠣᠷᠣᠨ ᠤ ᠡᠯ᠎ᠡ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠡᠭᠡ ᠳᠡᠭᠡᠳᠦ ᠰᠤᠷᠭᠠᠭᠤᠯᠢ ᠳᠤ ᠲᠦᠰᠢᠭᠯᠡᠨ ᠨᠢᠭᠡᠨᠲᠡ 17 ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠶᠢ ᠪᠠᠶᠢᠭᠤᠯᠪᠠ᠃      ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠲᠣᠰ ᠤᠳᠠᠭ᠎ᠠ ᠶᠢᠨ ᠡᠭᠢᠯᠡᠯᠲᠡ ᠶᠢᠨ ᠶᠣᠰᠣᠯᠠᠯ ᠢᠶᠠᠷ ᠠᠵᠠ ᠲᠣᠭᠢᠶᠠᠯ ᠪᠤᠯᠭᠠᠵᠤ᠂ ᠪᠦᠭᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠠᠵᠢᠯ ᠢ ᠴᠢᠨᠠᠭᠰᠢᠳᠠ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡᠨ ᠤ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷᠠᠴᠤᠳ ᠢ ᠢᠳᠡᠪᠬᠢᠲᠡᠢ ᠡᠯᠰᠡᠵᠦ᠂ ᠬᠠᠤᠯᠢᠴᠢ ᠶᠢᠨ ᠠᠵᠢᠯ ᠡᠷᠭᠢᠯᠡᠭᠦ ᠬᠢᠷᠢ ᠭᠡᠮ ᠪᠤᠶᠤ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠭᠡᠮ ᠲᠠᠢ ᠪᠠᠭᠰᠢ ᠰᠤᠷᠤᠬᠴᠢᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡᠨ ᠳᠤ ᠣᠴᠢᠵᠤ ᠠᠵᠢᠯᠯᠠᠬᠤ ᠶᠢ ᠵᠣᠷᠢᠭᠵᠢᠭᠤᠯᠤᠨ ᠶᠡᠭᠡ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号