| | ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠳᠤ᠄ | | ᠰᠠᠶᠢᠬᠠᠨ ᠲᠣᠭᠤᠷᠢᠭ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠢ ᠪᠦᠲᠦᠮᠵᠢᠲᠡᠶ ᠬᠡᠷᠡᠭᠵᠢᠭᠦᠯᠬᠦ ᠶᠢ ᠪᠥᠬᠦ | ᠲᠠᠯ᠎ᠠ ᠪᠠᠷ ᠲᠦᠯᠬᠢᠨ ᠠᠬᠢᠭᠤᠯᠵᠤ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠦᠨᠡᠨᠬᠦ ᠬᠠᠮᠠᠭᠠᠯᠠᠨ᠂ | ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠬᠡᠲᠦᠷᠡᠲᠡᠯ᠎ᠡ | ᠮᠠᠯᠵᠢᠬᠤ ᠠᠰᠠᠭᠤᠳᠠᠯ ᠢ ᠰᠢᠢᠳᠪᠦᠷᠢᠯᠡᠨ᠂ ᠠᠮᠢ ᠠᠬᠤᠢ᠂ ᠠᠵᠤ ᠠᠬᠤᠢ ᠪᠠ ᠨᠡᠶᠢᠭᠡᠮ ᠤᠨ ᠦᠷᠭᠦᠯᠵᠢᠯᠡᠬᠦ | ᠬᠥᠭᠵᠢᠯᠲᠡ ᠶᠢ ᠪᠡᠶᠡᠯᠡᠭᠦᠯᠬᠦ ᠶᠢᠨ ᠲᠤᠰᠠᠳᠠ᠂ ᠮᠠᠨ ᠤ ᠲᠣᠭᠤᠷᠢᠭ ᠤᠯᠤᠰ ᠤᠨ ︽ᠭᠤᠷᠪᠠᠨ ᠤᠮᠠᠷᠠᠲᠤ︾ ᠶᠢᠨ | ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠲᠦᠯᠬᠢᠨ ᠠᠬᠢᠭᠤᠯᠬᠤ ᠠᠵᠠ ᠲᠣᠬᠢᠶᠠᠯ ᠢ ᠠᠮᠵᠢᠨ᠂ ᠬᠠᠤᠯᠢ | ᠶᠣᠰᠣᠭᠠᠷ ᠬᠠᠮᠠᠭᠠᠯᠠᠬᠤ ᠪᠠ ᠥᠨᠢᠳᠡ ᠦᠷᠭᠦᠯᠵᠢᠯᠡᠨ ᠠᠰᠢᠭᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠶ ᠰᠢᠭᠤᠢ | ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠠᠮᠠᠷᠠᠭᠤᠯᠤᠨ ᠰᠡᠷᠭᠦᠭᠡᠪᠡ᠃ ᠡᠳᠦᠭᠡ ᠪᠣᠳᠠᠲᠠᠢ ᠰᠢᠨ᠎ᠡ ᠪᠠᠷ | ᠨᠡᠮᠡᠭᠳᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠣᠷᠣᠨ ᠪᠦᠰᠡ ᠨᠢ ᠳᠣᠣᠷᠠᠬᠢ ᠮᠡᠲᠦ ᠵᠠᠷᠯᠠᠶ᠎ᠠ᠄ | | | ᠨᠢᠭᠡ᠂ ᠬᠡᠷᠡᠭᠵᠢᠭᠦᠯᠬᠦ ᠬᠡᠪᠴᠢᠶ᠎ᠡ | | ᠪᠥᠬᠦ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠣᠷᠣᠨ ᠢ ᠬᠤᠪᠢᠶᠠᠷᠢᠯᠠᠨ | ᠲᠣᠭᠲᠠᠭᠠᠬᠤ ᠰᠠᠨᠠᠯ ᠢ ᠦᠨᠳᠦᠰᠦᠯᠡᠨ᠂ ᠣᠲᠣ ᠮᠠᠨ ᠤ ᠲᠣᠭᠤᠷᠢᠭ ︽ᠭᠤᠷᠪᠠᠨ ᠤᠮᠠᠷᠠᠲᠤ︾ ᠶᠢᠨ ᠵᠢᠷᠭᠤᠳᠤᠭᠠᠷ | ᠬᠤᠭᠤᠴᠠᠭᠠᠨ ᠤ ᠢᠨᠵᠧᠨᠧᠷᠢᠩ ᠤᠨ 25208 ᠮᠦ ︵ᠮᠠᠭᠤᠳᠠᠭᠰᠠᠨ ᠣᠶ ᠶᠢ ᠵᠠᠰᠠᠨ ᠰᠡᠷᠭᠦᠭᠡᠬᠦ 11700 ᠮᠦ᠂ | ᠠᠷᠠᠴᠢᠯᠠᠨ ᠪᠣᠶᠢᠵᠢᠭᠤᠯᠬᠤ ᠰᠢᠨ᠎ᠡ ᠪᠠᠷ 13508 ᠮᠦ︶ ᠶᠢᠨ ᠲᠥᠷᠥᠯ ᠵᠦᠢᠯ ᠢ ᠪᠡᠯᠴᠢᠭᠡᠷᠯᠡᠭᠦᠯᠬᠦ ᠶᠢ ᠵᠣᠭᠰᠣᠭᠠᠵᠤ | ᠰᠡᠯᠭᠦᠨ ᠮᠠᠯᠵᠢᠬᠤ ᠶᠢ ᠬᠠᠮᠢᠶᠠᠷᠤᠨ ᠡᠵᠡᠮᠳᠡᠬᠦ ᠣᠷᠣᠨ ᠪᠦᠰᠡ ᠳᠤ ᠣᠷᠣᠭᠤᠯᠵᠤ᠂ ᠢᠦᠢ ᠯᠢᠨ ᠪᠠᠯᠭᠠᠰᠤ ᠨᠢ ᠾᠧᠨᠠᠨ | ᠲᠣᠰᠬᠤᠨ᠂ ᠱᠢ ᠮᠧᠨ ᠭᠧᠦ ᠲᠣᠰᠬᠤᠨ᠂ ᠬᠤᠩ ᠵᠢᠢ ᠲᠣᠰᠬᠤᠨ᠂ ᠱᠢ ᠷᠧᠨ ᠸᠠᠨ ᠲᠣᠰᠬᠤᠨ ᠳᠤ ᠬᠤᠯᠪᠣᠭᠳᠠᠨ᠎ᠠ︔ | ᠬᠤᠸᠠᠩ ᠾᠧ ᠱᠣᠤ ᠪᠠᠯᠭᠠᠰᠤ ᠵᠢᠢ ᠰᠢᠶᠠᠨ ᠲᠣᠰᠬᠤᠨ᠂ ᠲᠢᠶᠠᠨ ᠮᠢ ᠯᠢᠶᠠᠩ ᠲᠣᠰᠬᠤᠨ᠂ ᠵᠡᠭᠦᠨ ᠲᠠᠲ᠋ᠠᠷ ᠲᠣᠰᠬᠤᠨ᠂ | ᠭᠧ ᠴᠢᠯᠠᠭᠤ ᠲᠣᠰᠬᠤᠨ᠂ ᠳ᠋ᠦᠩ ᠬᠤᠸᠠᠩ ᠾᠧ ᠱᠣᠤ ᠲᠣᠰᠬᠤᠨ ᠳᠤ ᠬᠤᠯᠪᠣᠭᠳᠠᠨ᠎ᠠ᠃ | | | ᠬᠤᠶᠠᠷ᠂ ᠬᠠᠮᠢᠶ᠎ᠠ ᠪᠦᠬᠦᠢ ᠱᠠᠭᠠᠷᠳᠠᠯᠭ᠎ᠠ | | ︵ᠨᠢᠭᠡ︶ᠡᠯ᠎ᠡ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠪᠣᠯ ᠪᠡᠯᠴᠢᠭᠡᠷᠯᠡᠭᠦᠯᠬᠦ ᠶᠢ | ᠴᠠᠭᠠᠵᠠᠯᠠᠨ ᠰᠡᠯᠭᠦᠨ ᠮᠠᠯᠵᠢᠬᠤ ᠠᠵᠢᠯ ᠤᠨ ᠭᠤᠣᠯ ᠴᠣᠭᠴᠠ ᠮᠥᠨ᠂ ᠨᠠᠮ ᠵᠠᠰᠠᠭ ᠤᠨ ᠭᠤᠣᠯ ᠤᠳᠤᠷᠢᠳᠤᠯᠭ᠎ᠠ ᠪᠣᠯ | ᠨᠢᠭᠡᠳᠦᠭᠡᠷ ᠬᠠᠷᠢᠭᠤᠴᠠᠯᠭᠠᠲᠠᠨ ᠮᠥᠨ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠭᠤᠣᠯ | ᠬᠠᠷᠢᠭᠤᠴᠠᠯᠭᠠᠲᠠᠨ ᠪᠣᠯᠭᠠᠵᠤ᠂ ᠬᠠᠷᠢᠶ᠎ᠠ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠲᠣᠰᠬᠤᠨ | ᠳᠤᠭᠤᠶᠢᠯᠠᠩ ᠳᠤ ᠬᠤᠪᠢᠶᠠᠷᠢᠯᠠᠨ ᠨᠠᠶᠢᠳᠠᠪᠤᠷᠢᠵᠢᠭᠤᠯᠵᠤ᠂ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ | ᠬᠡᠷᠡᠭᠵᠢᠭᠦᠯᠬᠦ ᠬᠡᠷᠡᠭᠲᠡᠢ᠃ | | ︵ᠬᠤᠶᠠᠷ︶ᠲᠣᠭᠤᠷᠢᠭ ᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ᠂ | ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ | ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠲᠤᠷᠠᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ | ᠪᠦᠷᠢᠯᠳᠦᠭᠦᠯᠵᠦ᠂ ᠬᠠᠷᠠᠯᠲᠠ ᠪᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ | ᠡᠭᠦᠷᠭᠡ ᠪᠣᠯᠭᠠᠨ ᠴᠢᠩᠭ᠎ᠠ᠂ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ | | ︵ᠭᠤᠷᠪᠠ︶ᠲᠣᠰ ᠵᠠᠷᠯᠠᠯ ᠢ ᠵᠥᠷᠢᠴᠡᠨ ᠰᠢᠨ᠎ᠡ ᠪᠠᠷ ᠨᠡᠮᠡᠭᠳᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠭᠰᠠᠨ | ᠣᠷᠣᠨ ᠳᠤ ᠮᠠᠯ ᠵᠢᠭᠦᠷᠲᠡᠨ ᠢ ᠠᠷᠠᠴᠢᠯᠠᠨ ᠲᠡᠵᠢᠭᠡᠵᠦ᠂ ᠣᠶ ᠮᠣᠳᠣ᠂ ᠡᠪᠡᠰᠦᠲᠦ ᠭᠠᠵᠠᠷ ᠢ ᠡᠪᠳᠡᠨ ᠰᠦᠢᠳᠬᠡᠭᠰᠡᠨ | ᠬᠤᠪᠢ ᠬᠥᠮᠥᠨ ᠪᠤᠶᠤ ᠬᠠᠮᠲᠤ ᠨᠡᠶᠢᠲᠡ ᠶᠢ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠬᠡᠨ᠎ᠡ᠃ | | ︵ᠳᠥᠷᠪᠡ︶ᠢᠯᠡᠴᠢᠯᠡᠨ ᠮᠡᠳᠡᠭᠦᠯᠬᠦ ᠤᠲᠠᠰᠤ ᠭᠠᠷᠭᠠᠵᠤ᠂ ᠨᠡᠶᠢᠭᠡᠮ ᠤᠨ ᠡᠯ᠎ᠡ ᠡᠲᠡᠭᠡᠳ ᠬᠢᠨᠠᠯᠲᠠ ᠲᠠᠯᠪᠢᠬᠤ ᠶᠢ | ᠪᠠᠶᠠᠷᠯᠠᠨ ᠤᠭᠲᠤᠨ᠎ᠠ᠃ | | | ᠢᠯᠡᠴᠢᠯᠡᠨ ᠮᠡᠳᠡᠭᠦᠯᠬᠦ ᠤᠲᠠᠰᠤ᠄ | | ᠢᠦᠢ ᠯᠢᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 0471-5194628 | | ᠬᠤᠸᠠᠩ ᠾᠧ ᠱᠣᠣ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ | 0471-5302475 | | ᠶᠢᠨ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 0471-3467938 | | ᠪᠠᠶᠠᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 0471-4190062 | | ᠵᠤᠤ ᠤᠳᠠ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ | 0471-4630905 | | ᠴᠡᠯᠡᠭᠡᠷ ᠲᠠᠯ᠎ᠠ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ | 0471-3966857 | | ᠡᠭᠦᠨ ᠤ ᠲᠤᠯᠠ ᠣᠨᠴᠠᠭᠠᠶᠢᠯᠠᠨ ᠵᠠᠷᠯᠠᠪᠠ | | ᠳᠠᠭᠠᠯᠳᠤᠭᠤᠯᠤᠯ᠄ ᠰᠠᠶᠢᠬᠠᠨ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ | ᠣᠷᠣᠨ ᠪᠦᠰᠡ ᠶᠢᠨ ᠪᠠᠶᠢᠷᠢᠯᠠᠭᠤᠯᠤᠯᠲᠠ ᠶᠢᠨ ᠵᠢᠷᠤᠭ | | | ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | | | 2024 ᠣᠨ ᠤ 10 ᠰᠠᠷ᠎ᠠ ᠶᠢᠨ 16 ᠤ ᠡᠳᠦᠷ | | | | ᠳᠠᠭᠠᠯᠳᠤᠭᠤᠯᠤᠯ᠄ | | 2006501575.jpg | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |