ᠮᠠᠨ ᠤ ᠣᠷᠣᠨ 3 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠠᠪᠴᠤ ᠠᠯᠳᠠᠪᠤᠷᠢ ᠲᠠᠢ ᠤᠯᠤᠰ ᠤᠨ ᠦᠮᠴᠢᠯᠡᠯ ᠤᠨ ᠠᠵᠤ ᠠᠬᠤᠶᠢᠯᠠᠯ ᠢ ᠴᠡᠭᠴᠡᠯᠡᠨ ᠵᠠᠰᠠᠵᠤ ᠪᠠᠶᠢᠨ᠎ᠠ
ᠨᠡᠶᠢᠲᠡᠯᠡᠭᠰᠡᠨ ᠴᠠᠭ᠄
2024/11/11
     ︽ᠲᠠᠪᠤᠨ ᠵᠢᠯ ᠳᠠᠷᠠᠭᠠᠯᠠᠨ ᠠᠯᠳᠠᠪᠤᠷᠢ ᠲᠠᠢ ᠠᠵᠤ ᠠᠬᠤᠶᠢᠯᠠᠯ᠂ ᠭᠤᠷᠪᠠᠨ ᠵᠢᠯ ᠳᠠᠷᠠᠭᠠᠯᠠᠨ ᠠᠯᠳᠠᠪᠤᠷᠢ ᠲᠠᠢ ᠪᠥᠭᠡᠳ ᠨᠢᠭᠡᠳᠦᠭᠡᠷ ᠳᠡᠰ ᠤᠨ ᠠᠵᠤ ᠠᠬᠤᠶᠢᠯᠠᠯ ᠤᠨ ᠭᠤᠣᠯ ᠦᠢᠯᠡᠰ ᠤᠨ ᠬᠡᠪᠴᠢᠶᠡᠨ ᠳᠤ ᠦᠯᠦ ᠬᠠᠷᠢᠶᠠᠯᠠᠭᠳᠠᠬᠤ ᠠᠵᠤ ᠠᠬᠤᠶᠢᠯᠠᠯ᠂ ᠬᠥᠷᠥᠩᠭᠡ ᠶᠢᠨ ᠥᠷᠢᠲᠦᠯ ᠤᠨ ᠨᠣᠷᠮ᠎ᠠ ᠨᠢ 75% ᠶᠢ ᠳᠠᠪᠠᠭᠰᠠᠨ ᠡᠵᠡᠩᠨᠡᠯᠲᠡ ᠶᠢᠨ ᠣᠷᠣᠯᠭ᠎ᠠ ᠦᠭᠡᠢ ᠪᠥᠭᠡᠳ ᠠᠯᠳᠠᠪᠤᠷᠢ ᠲᠠᠢ ᠠᠵᠤ ᠠᠬᠤᠶᠢᠯᠠᠯ ᠢ ᠤᠬᠤᠷᠢᠨ ᠭᠠᠷᠭᠠᠬᠤ ᠬᠡᠪᠴᠢᠶᠡᠨ ᠳᠤ ᠣᠷᠣᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠭᠢᠯᠡᠭᠴᠢ ᠦ᠋ ᠳ᠋ᠡ ᠫᠧᠩ ᠶᠠᠷᠢᠨ᠎ᠠ᠃      ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠠᠯᠳᠠᠪᠤᠷᠢ ᠶᠢᠨ ᠠᠰᠠᠭᠤᠳᠠᠯ ᠪᠣᠯ ᠮᠠᠨ ᠤ ᠣᠷᠣᠨ ᠤ ᠢᠮᠠᠭᠲᠠ ᠭᠤᠣᠯᠳᠠᠯᠭ᠎ᠠ ᠲᠠᠢ ᠠᠩᠬᠠᠷᠴᠤ ᠪᠦᠬᠦᠢ ᠠᠰᠠᠭᠤᠳᠠᠯ ᠪᠤᠯᠬᠤ ᠪᠥᠭᠡᠳ ᠲᠦᠷᠭᠡᠳᠬᠡᠨ ᠰᠢᠢᠳᠪᠦᠷᠢᠯᠡᠬᠦ ᠲᠤᠯᠭᠠᠮ ᠴᠢᠨᠠᠷᠲᠠᠢ ᠠᠰᠠᠭᠤᠳᠠᠯ ᠮᠥᠨ᠃ ᠮᠠᠨ ᠤ ᠣᠷᠣᠨ ᠠᠯᠳᠠᠪᠤᠷᠢ ᠲᠠᠢ ᠤᠯᠤᠰ ᠤᠨ ᠦᠮᠴᠢᠯᠡᠯ ᠤᠨ ᠠᠵᠤ ᠠᠬᠤᠶᠢᠯᠠᠯ ᠢ ᠴᠡᠭᠴᠡᠯᠡᠨ ᠵᠠᠰᠠᠬᠤ ᠲᠠᠯ᠎ᠠ ᠪᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭ᠎ᠠ ᠪᠣᠯ︖ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠲᠦᠷᠦᠭᠦᠬᠡᠨ ᠬᠤᠷᠠᠯᠳᠤᠭᠤᠯᠤᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ︾ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠠᠯᠳᠠᠪᠤᠷᠢ  ᠲᠠᠢ ᠤᠯᠤᠰ ᠤᠨ ᠦᠮᠴᠢᠯᠡᠯ ᠤᠨ ᠠᠵᠤ ᠠᠬᠤᠶᠢᠯᠠᠯ ᠢ ᠴᠡᠭᠴᠡᠯᠡᠨ ᠵᠠᠰᠠᠬᠤ ᠲᠣᠭᠲᠠᠴᠠ ᠶᠢ ᠪᠦᠷᠢᠨᠰᠢᠭᠦᠯᠬᠦ ᠶᠢᠨ ᠬᠠᠮᠲᠤ ᠲᠤᠰᠬᠠᠢ ᠠᠵᠢᠯᠯᠠᠭ᠎ᠠ ᠥᠷᠨᠢᠭᠦᠯᠵᠦ᠂ 3 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠠᠷ ᠲᠠᠮᠵᠢᠨ 2025 ᠣᠨ  ᠤ ᠰᠡᠭᠦᠯᠴᠢ ᠪᠤᠯᠲᠠᠯ᠎ᠠ ᠬᠢᠨᠠᠨ ᠬᠠᠮᠢᠶᠠᠷᠴᠤ ᠪᠠᠶᠢᠭ᠎ᠠ ᠲᠤᠰᠠᠭᠠᠷ ᠲᠣᠭᠠᠴᠠᠭ᠎ᠠ ᠬᠢᠬᠦ ᠠᠵᠤ ᠠᠬᠤᠶᠢᠯᠠᠯ ᠤᠨ ᠠᠯᠳᠠᠪᠤᠷᠢ  ᠶᠢᠨ ᠬᠡᠪᠴᠢᠶ᠎ᠡ ᠪᠠ ᠠᠯᠳᠠᠪᠤᠷᠢ ᠶᠢᠨ ᠬᠡᠮᠵᠢᠶ᠎ᠡ ᠶᠢ ᠶᠡᠭᠡ ᠪᠠᠷ ᠪᠠᠭᠤᠷᠠᠭᠤᠯᠬᠤ ᠪᠠᠷ ᠬᠦᠴᠦᠯᠡᠨ ᠴᠢᠷᠮᠠᠶᠢᠵᠤ ᠪᠠᠶᠢᠨ᠎ᠠ᠃      ᠮᠠᠨ ᠤ ᠣᠷᠣᠨ ᠠᠯᠳᠠᠪᠤᠷᠢ ᠲᠠᠢ ᠠᠵᠤ ᠠᠬᠤᠶᠢᠯᠠᠯ ᠢ ᠲᠤᠶᠢᠯᠪᠤᠷᠢᠲᠠᠢ ᠪᠠᠶᠢᠴᠠᠭᠠᠬᠤ ᠠᠵᠢᠯ ᠥᠷᠨᠢᠭᠦᠯᠵᠦ᠂ ᠬᠢᠨᠠᠨ ᠬᠠᠮᠢᠶᠠᠷᠴᠤ ᠪᠠᠶᠢᠭ᠎ᠠ ᠡᠯ᠎ᠡ ᠱᠠᠲᠤᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠬᠥᠷᠥᠩᠭᠡ ᠶᠢᠨ ᠥᠷᠢᠲᠦᠯ ᠤᠨ ᠪᠠᠶᠢᠳᠠᠯ ᠵᠡᠷᠭᠡ ᠶᠢ ᠪᠦᠭᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠣᠬᠤᠷᠬᠠᠨ ᠬᠤᠭᠤᠴᠠᠭᠠᠨ ᠳᠤ ᠠᠯᠳᠠᠪᠤᠷᠢ ᠪᠠᠨ ᠬᠤᠪᠢᠷᠠᠭᠤᠯᠬᠤ ᠠᠷᠭ᠎ᠠ ᠦᠭᠡᠢ ᠪᠣᠯᠤᠭᠰᠠᠨ ᠠᠵᠤ ᠠᠬᠤᠶᠢᠯᠠᠯ ᠢ ᠰᠢᠢᠳᠪᠦᠷᠢᠯᠡᠨ ᠴᠡᠪᠡᠷᠯᠡᠬᠦ ᠪᠤᠶᠤ ᠳᠠᠭᠢᠨ ᠵᠣᠬᠢᠶᠠᠨ ᠪᠠᠶᠢᠭᠤᠯᠵᠤ ᠴᠡᠭᠴᠡᠯᠡᠨ ᠨᠡᠶᠢᠳᠬᠡᠵᠦ ᠪᠠᠶᠢᠨ᠎ᠠ; ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠪᠠᠷ ᠠᠯᠳᠠᠪᠤᠷᠢ ᠶᠢ ᠪᠠᠭᠠᠰᠬᠠᠨ ᠠᠯᠳᠠᠪᠤᠷᠢ ᠶᠢ ᠵᠠᠰᠠᠬᠤ ᠠᠵᠢᠯ ᠤᠨ ᠲᠥᠰᠥᠯ ᠲᠣᠭᠲᠠᠭᠠᠨ᠂ ᠠᠯᠳᠠᠪᠤᠷᠢ ᠲᠠᠢ ᠠᠵᠤ ᠠᠬᠤᠶᠢᠯᠠᠯ ᠢ ᠴᠡᠭᠴᠡᠯᠡᠨ ᠵᠠᠰᠠᠵᠤ ᠤᠬᠤᠷᠢᠨ ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠪᠠᠶᠢᠨ᠎ᠠ᠃ ᠪᠠᠰᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠯᠳᠠᠪᠤᠷᠢ ᠲᠠᠢ ᠬᠤᠪᠢᠶᠠᠷᠢ ᠠᠵᠤ ᠠᠬᠤᠶᠢᠯᠠᠯ ᠳᠤ ᠭᠤᠣᠯ ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠯᠳᠠᠪᠤᠷᠢ ᠶᠢᠨ ᠬᠡᠮᠵᠢᠶ᠎ᠡ ᠶᠢ ᠶᠡᠭᠡ ᠪᠠᠷ ᠪᠠᠭᠤᠷᠠᠭᠤᠯᠬᠤ ᠶᠢ ᠠᠬᠢᠭᠤᠯᠬᠤ ᠶᠢᠨ ᠬᠠᠮᠲᠤ 500 ᠲᠦᠮᠡᠨ ᠲᠥᠭᠦᠷᠢᠭ ᠠᠴᠠ ᠳᠣᠷᠣᠭᠰᠢᠬᠢ ᠠᠯᠳᠠᠪᠤᠷᠢ ᠲᠠᠢ ᠬᠤᠪᠢᠶᠠᠷᠢ ᠠᠵᠤ ᠠᠬᠤᠶᠢᠯᠠᠯ ᠢ ᠨᠢᠭᠲᠠ ᠠᠩᠬᠠᠷᠴᠤ᠂ ᠤᠬᠤᠷᠢᠨ ᠭᠠᠷᠭᠠᠬᠤ ᠬᠡᠪᠴᠢᠶᠡᠨ ᠳᠤ ᠣᠷᠣᠭᠤᠯᠤᠭᠰᠠᠨ ᠢ ᠨᠢ ᠡᠷᠡᠰ ᠰᠢᠢᠳᠪᠦᠷᠢᠯᠡᠨ ᠴᠡᠪᠡᠷᠯᠡᠵᠦ᠂ ᠠᠯᠳᠠᠪᠤᠷᠢ ᠶᠢᠨ ᠬᠡᠪᠴᠢᠶ᠎ᠡ ᠶᠢ ᠶᠡᠭᠡ  ᠪᠠᠷ ᠪᠠᠭᠤᠷᠠᠭᠤᠯᠬᠤ ᠶᠢ ᠠᠬᠢᠭᠤᠯᠵᠤ ᠪᠠᠶᠢᠨ᠎ᠠ᠃      ᠣᠶᠢᠯᠠᠭᠠᠭᠰᠠᠨ ᠢᠶᠠᠷ᠂ ᠡᠨᠡ ᠵᠢᠯ ᠤᠨ 9 ᠰᠠᠷ᠎ᠠ ᠶᠢᠨ ᠰᠡᠭᠦᠯᠴᠢ ᠪᠤᠯᠬᠤ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ  ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠲᠤᠰᠠᠭᠠᠷ ᠲᠣᠭᠠᠴᠠᠭ᠎ᠠ ᠬᠢᠬᠦ ᠬᠤᠪᠢᠶᠠᠷᠢ ᠠᠵᠤ ᠠᠬᠤᠶᠢᠯᠠᠯ ᠤᠨ ᠠᠯᠳᠠᠪᠤᠷᠢ ᠶᠢᠨ ᠬᠡᠪᠴᠢᠶ᠎ᠡ 21.4% ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 9.9 ᠬᠤᠪᠢ ᠪᠠᠭᠤᠷᠠᠪᠠ; ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠯᠳᠠᠪᠤᠷᠢ ᠲᠠᠢ 11 ᠬᠤᠪᠢᠶᠠᠷᠢ ᠠᠵᠤ ᠠᠬᠤᠶᠢᠯᠠᠯ ᠠᠴᠠ 3 ᠠᠵᠤ ᠠᠬᠤᠶᠢᠯᠠᠯ ᠨᠢᠭᠡᠨᠲᠡ ᠣᠯᠵᠠᠪᠤᠷᠢ ᠲᠠᠢ ᠪᠣᠯᠵᠤ᠂ 4 ᠠᠵᠤ ᠠᠬᠤᠶᠢᠯᠠᠯ  ᠨᠢ ᠠᠯᠳᠠᠪᠤᠷᠢ ᠪᠠᠨ ᠪᠠᠭᠠᠰᠬᠠᠨ᠂ ᠨᠡᠶᠢᠲᠡ 2.4 ᠳ᠋ᠦᠩᠰᠢᠭᠤᠷ ᠲᠥᠭᠦᠷᠢᠭ ᠤᠨ ᠠᠯᠳᠠᠪᠤᠷᠢ ᠶᠢ ᠪᠠᠭᠠᠰᠬᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号