| | ᠨᠣᠭᠤᠭᠠᠨ ᠤᠰᠤᠲᠥ᠋ᠷᠥᠭᠴᠢ ᠶᠢᠨ ᠥᠪᠡᠷ ᠤᠨ ᠥᠷᠲᠡᠭ ᠪᠣᠯ ᠨᠣᠭᠤᠭᠠᠨ ᠤᠰᠤᠲᠥ᠋ᠷᠥᠭᠴᠢ ᠶᠢ ᠶᠡᠭᠡ | ᠬᠡᠪᠴᠢᠶ᠎ᠡ ᠪᠠᠷ ᠬᠡᠷᠡᠭᠯᠡᠵᠦ ᠴᠢᠳᠠᠬᠤ ᠡᠰᠡᠬᠦ ᠲᠠᠢ ᠬᠤᠯᠪᠣᠭᠳᠠᠬᠤ ᠵᠠᠩᠭᠢᠯᠠᠭ᠎ᠠ ᠶᠢᠨ ᠡᠯᠧᠮᠧᠨ᠋ᠲ ᠪᠣᠯᠣᠨ᠎ᠠ᠃ ᠫᠷᠤᠲ᠋ᠤᠨ ᠤ | ᠰᠣᠯᠢᠯᠴᠠᠬᠤ ᠪᠦᠷᠬᠦᠭᠦᠯ ︵PEM︶ ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠢᠯᠡᠳᠬᠦ ᠳᠤ | ᠬᠡᠷᠡᠭᠯᠡᠬᠦ ᠲᠦᠷᠭᠡᠳᠬᠡᠭᠦᠷ ᠨᠢ ᠶᠡᠷᠦᠳᠡᠭᠡᠨ ᠢᠷᠢᠳᠢ ᠵᠡᠷᠭᠡ ᠦᠨᠡᠲᠦ ᠲᠡᠮᠦᠷᠯᠢᠭ ᠠᠭᠤᠯᠵᠤ᠂ ᠲᠡᠭᠦᠨ ᠢ | ᠬᠡᠪᠴᠢᠶᠡᠵᠢᠭᠦᠯᠦᠨ ᠬᠡᠷᠡᠭᠯᠡᠬᠦ ᠶᠢ ᠬᠢᠵᠠᠭᠠᠷᠯᠠᠳᠠᠭ᠃ ᠳᠣᠣᠷ᠎ᠠ ᠢᠷᠢᠳᠢ ᠲᠦᠷᠭᠡᠳᠬᠡᠭᠦᠷ ᠢ ᠨᠡᠭᠡᠭᠡᠨ ᠠᠰᠢᠭᠯᠠᠬᠤ ᠵᠢᠴᠢ | ᠳᠡᠭᠡᠳᠦ ᠵᠢᠭᠳᠡ ᠴᠢᠨᠠᠷ ᠤᠨ ᠪᠥᠭᠡᠮ ᠦᠢᠯᠡᠳᠬᠦ ᠮᠡᠷᠭᠡᠵᠢᠯ ᠪᠣᠯ ᠮᠠᠨ ᠤ ᠤᠯᠤᠰ PEM ᠤᠰᠤᠳᠦ᠋ᠷᠦᠭᠴᠢ | ᠦᠢᠯᠡᠳᠬᠦ ᠬᠦᠷᠢᠶᠡᠨ ᠳᠠᠬᠢ ᠬᠦᠨᠳᠦ ᠨᠣᠴᠢᠲᠠᠢ ᠳᠤᠲᠠᠭᠳᠠᠵᠤ ᠪᠠᠶᠢᠭ᠎ᠠ ᠵᠠᠩᠭᠢᠯᠠᠭ᠎ᠠ ᠶᠢᠨ ᠮᠡᠷᠭᠡᠵᠢᠯ ᠪᠣᠯᠣᠨ᠎ᠠ᠃ | ᠮᠠᠨ ᠤ ᠣᠷᠣᠨ ᠤ ᠥᠨᠳᠥᠷ ᠦᠷ᠎ᠡ ᠪᠦᠲᠦᠮᠵᠢ ᠪᠦᠬᠦᠢ ᠴᠠᠬᠢᠯᠭᠠᠨ ᠤᠰᠤᠲᠥ᠋ᠷᠥᠭᠴᠢ ᠶᠢᠨ ᠰᠣᠯᠢᠭᠳᠠᠯ ᠳᠤ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠡᠭᠦᠷᠭᠡᠯᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ︽ᠪᠦᠰᠡᠯᠡᠯᠲᠡ ᠶᠢ ᠰᠢᠪᠲᠤᠯᠬᠤ︾ ᠲᠥᠷᠥᠯ ᠵᠦᠢᠯ - ᠥᠷᠭᠡᠨ ᠴᠢᠳᠠᠮᠵᠢ ᠶᠢᠨ ᠬᠡᠯᠪᠡᠯᠵᠡᠯ ᠳᠤ ᠵᠣᠬᠢᠴᠠᠬᠤ ᠴᠢᠨᠠᠷᠲᠠᠢ | ᠵᠠᠭᠤᠨ ᠺᠢᠯᠣᠸᠠᠲ ᠤᠨ ᠲᠠᠰ ᠤᠨ PEM ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠢᠯᠡᠳᠬᠦ | ᠲᠤᠨᠤᠭ ᠲᠥᠬᠦᠭᠡᠷᠦᠮᠵᠢ ᠶᠢ ᠨᠡᠭᠡᠭᠡᠨ ᠬᠥᠭᠵᠢᠭᠦᠯᠬᠦ ᠵᠢᠴᠢ ᠢᠨᠵᠧᠨᠧᠷᠢᠩᠵᠢᠭᠦᠯᠦᠨ ᠵᠢᠱᠢᠶ᠎ᠡ ᠦᠵᠡᠭᠦᠯᠦᠨ ᠬᠡᠷᠡᠭᠯᠡᠵᠦ᠂ | ᠥᠪᠡᠷ ᠤᠨ ᠥᠷᠲᠡᠭ ᠢᠶᠠᠷ ᠳᠣᠣᠷ᠎ᠠ ᠲᠦᠷᠭᠡᠳᠬᠡᠭᠦᠷ ᠢ ᠦᠢᠯᠡᠳᠴᠦ ᠪᠦᠲᠦᠭᠡᠬᠦ ᠲᠠᠯ᠎ᠠ ᠪᠠᠷ ᠴᠢᠬᠤᠯᠠ ᠠᠬᠢᠴᠠ ᠲᠠᠢ | ᠪᠣᠯᠪᠠ᠃ ᠰᠤᠳᠤᠯᠭᠠᠨ ᠤ ᠪᠥᠯᠬᠦᠮ ᠤᠨ ᠬᠢᠨ ᠳᠣᠣᠷ᠎ᠠ ᠢᠷᠢᠳᠢ ᠶᠢᠨ ᠬᠠᠶᠢᠯᠤᠰᠢ ᠶᠢᠨ ᠨᠠᠨᠤ᠋ ᠶᠢᠨ ᠪᠥᠮᠪᠥᠭᠡᠯᠢᠭ | ᠲᠦᠷᠭᠡᠳᠬᠡᠭᠦᠷ ᠢ ᠨᠡᠭᠡᠭᠡᠨ ᠬᠥᠭᠵᠢᠭᠦᠯᠪᠡ᠂ ᠦᠨᠡᠲᠦ ᠲᠡᠮᠦᠷᠯᠢᠭ ᠢᠷᠢᠳᠢ ᠶᠢᠨ ᠬᠡᠷᠡᠭᠯᠡᠬᠦ ᠬᠡᠮᠵᠢᠶ᠎ᠡ ᠨᠢ ᠵᠥᠪᠬᠡᠨ | ᠬᠤᠳᠠᠯᠳᠤᠭᠠᠨ ᠤ ᠴᠠᠬᠢᠯᠭᠠᠨ ᠵᠠᠳᠠᠯᠤᠭ ᠣᠩᠭᠤᠴᠠ ᠶᠢᠨ 1/4 ᠯᠡ ᠪᠠᠶᠢᠵᠤ᠂ ᠳᠠᠷᠤᠢ ᠬᠡᠳᠦ ᠥᠨᠳᠥᠷ ᠢᠳᠡᠪᠬᠢᠲᠦ | ᠴᠢᠨᠠᠷ ᠪᠠ ᠲᠣᠭᠲᠠᠪᠤᠷᠢᠲᠤ ᠴᠢᠨᠠᠷ ᠢ ᠪᠡᠶᠡᠯᠡᠭᠦᠯᠵᠦ ᠪᠣᠯᠣᠨ᠎ᠠ᠃ ᠣᠳᠣᠬᠠᠨ ᠳᠤ ᠰᠤᠳᠤᠯᠭᠠᠨ ᠤ ᠪᠦᠯᠬᠦᠮ ᠶᠠᠭ | ᠳᠡᠭᠡᠳᠦ ᠵᠢᠭᠳᠡ ᠴᠢᠨᠠᠷ ᠲᠠᠢ ᠪᠥᠭᠡᠮ ᠢᠶᠠᠷ ᠲᠣᠮᠣᠷᠠᠭᠤᠯᠤᠨ ᠦᠢᠯᠡᠳᠬᠦ ᠮᠡᠷᠭᠡᠵᠢᠯ ᠢ ᠶᠠᠭ ᠥᠷᠨᠢᠭᠦᠯᠵᠦ ᠪᠤᠢ᠂ | ᠨᠢᠭᠡᠨᠲᠡ ᠣᠯᠠᠨ ᠳᠡᠰ ᠤᠨ ᠤᠷᠪᠠᠯ ᠤᠨ ᠲᠣᠭᠤᠭ᠎ᠠ ᠶᠢ ᠵᠢᠷᠤᠵᠤ ᠲᠥᠯᠥᠪᠯᠡᠬᠦ ᠪᠠ ᠪᠣᠯᠪᠠᠰᠤᠷᠠᠭᠤᠯᠬᠤ ᠶᠢ ᠠᠩᠬ᠎ᠠ | ᠠᠯᠬᠤᠮ ᠪᠡᠶᠡᠯᠡᠭᠦᠯᠦᠭᠰᠡᠨ ᠪᠠᠶᠢᠨ᠎ᠠ᠃ ᠲᠣᠰ ᠮᠡᠷᠭᠡᠵᠢᠯ ᠤᠨ ᠰᠢᠪᠲᠤᠯᠤᠯᠲᠠ ᠨᠢ PEM ᠤᠰᠤᠲᠥ᠋ᠷᠥᠭᠴᠢ | ᠦᠢᠯᠡᠳᠬᠦ ᠲᠥᠬᠦᠭᠡᠷᠦᠮᠵᠢ ᠶᠢᠨ ᠥᠪᠡᠷ ᠤᠨ ᠥᠷᠲᠡᠭ ᠢ ᠢᠯᠡᠳᠲᠡ ᠪᠠᠭᠤᠷᠠᠭᠤᠯᠵᠤ᠂ ᠤᠰᠤᠲᠥ᠋ᠷᠥᠭᠴᠢ ᠦᠢᠯᠡᠳᠬᠦ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠯᠣᠨ᠎ᠠ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ |