| | | ᠮᠣᠷᠢᠨ ᠬᠤᠭᠤᠷ ᠤᠨ ᠡᠭᠦᠰᠦᠯ ᠮᠣᠩᠭᠤᠯ ᠦᠨᠳᠦᠰᠦᠲᠡᠨ ᠤ ᠴᠤᠭᠤᠷ ᠤᠷᠠᠯᠢᠭ ᠲᠤ ᠮᠣᠷᠢᠨ ᠬᠤᠭᠤᠷ ᠨᠢ | ᠬᠥᠭᠵᠢᠮᠳᠡᠭᠦᠷ ᠤᠨ ᠴᠤᠭᠤᠷ ᠤᠨ ᠣᠷᠭᠢᠯ ᠪᠣᠯᠵᠤ᠂ ᠢᠯᠠᠩᠭᠤᠶ᠎ᠠ ᠰ᠊᠂ ᠷᠠᠰᠢ᠂ ᠰᠠᠩᠳᠦ᠋ᠭᠦᠷᠡᠩ᠂ ᠴᠢ · ᠪᠤᠯᠠᠭ᠂ | ᠪᠦᠷᠢᠨᠪᠠᠶᠠᠷ ᠪᠠ ᠳ᠋ᠠᠷᠮ᠎ᠠ ᠵᠡᠷᠭᠡ ᠠᠯᠢ ᠣᠯᠠᠨ ᠰᠢᠯᠭᠠᠷᠠᠭᠰᠠᠨ ᠤᠷᠠᠯᠢᠭᠴᠢᠳ ᠤᠨ ᠰᠠᠶᠢᠵᠢᠷᠠᠭᠤᠯᠬᠤ ᠪᠠ | ᠳᠡᠭᠡᠭᠰᠢᠯᠡᠭᠦᠯᠬᠦ ᠪᠠᠷ ᠳᠡᠮᠵᠢᠨ᠂ ᠡᠨᠡ ᠬᠦ ᠬᠥᠭᠵᠢᠮᠳᠡᠭᠦᠷ ᠨᠢ ᠥᠷᠭᠡᠨ ᠳᠡᠯᠭᠡᠷ ᠲᠦᠭᠡᠮᠡᠯᠵᠢᠵᠦ᠂ ᠳᠡᠯᠡᠬᠡᠢ ᠶᠢᠨ ᠳᠠᠭᠤᠤ | ᠬᠥᠭᠵᠢᠮ ᠤᠨ ᠤᠷᠠᠯᠢᠭ ᠤᠨ ᠤᠢ ᠳᠣᠲᠣᠷᠠᠬᠢ ᠦᠨᠡᠲᠦ ᠡᠷᠳᠡᠨᠢ ᠪᠣᠯᠤᠭᠰᠠᠨ ᠪᠠᠶᠢᠨ᠎ᠠ᠃ ᠭᠡᠪᠡᠴᠦ ᠮᠣᠷᠢᠨ | ᠬᠤᠭᠤᠷ ᠤᠨ ᠡᠭᠦᠰᠦᠯ ᠤᠨ ᠲᠤᠬᠠᠢ ᠡᠷᠳᠡᠮ ᠰᠢᠨᠵᠢᠯᠡᠭᠡᠨ ᠤ ᠬᠢᠨ ᠶᠡᠷᠦᠨᠢ ᠨᠤᠲᠠᠯᠠᠯ ᠬᠢᠭᠡᠳᠦᠢ᠃ ᠲᠠᠯ᠎ᠠ ᠨᠤᠲᠤᠭ ᠲᠤ | ᠨᠢᠭᠡ ᠡᠷᠲᠡᠨ ᠤ ᠤᠯᠠᠮᠵᠢᠯᠠᠯ ᠶᠠᠷᠢᠶ᠎ᠠ ᠪᠠᠶᠢᠳᠠᠭ᠂ ᠬᠥᠮᠥᠰ ᠠᠶᠢᠷᠠᠭ ᠤᠨ ᠰᠢᠨᠠᠭ᠎ᠠ ᠶᠢ ᠦᠬᠡᠷ ᠤᠨ ᠠᠷᠠᠰᠤ ᠪᠠᠷ | ᠪᠦᠷᠢᠵᠦ᠂ ᠮᠣᠷᠢᠨ ᠰᠡᠬᠦᠯ ᠤᠨ ᠬᠢᠯᠭᠠᠰᠤ ᠪᠠᠷ ᠬᠤᠶᠠᠷ ᠬᠥᠪᠴᠢ ᠲᠠᠲᠠᠵᠤ ᠬᠥᠭᠵᠢᠮᠳᠡᠭᠦᠷ ᠪᠣᠯᠭᠠᠨ ᠬᠥᠭᠵᠢᠮᠳᠡᠳᠡᠭ ᠢ | ︽ᠰᠢᠨᠠᠭᠠᠨ ᠬᠤᠭᠤᠷ︾ ᠬᠡᠮᠡᠳᠡᠭ ᠪᠠᠶᠢᠪᠠ᠃ ᠮᠣᠷᠢᠨ ᠬᠤᠭᠤᠷ ᠪᠣᠯ 19 ᠳ᠋ᠦ᠋ᠭᠡᠷ ᠵᠠᠭᠤᠨ ᠤ ᠰᠡᠭᠦᠯᠴᠢ ᠪᠠᠷ ᠰᠢᠨ᠎ᠡ ᠪᠠᠷ | ᠮᠠᠨᠳᠤᠭᠰᠠᠨ ᠬᠥᠭᠵᠢᠮ ᠪᠣᠯᠣᠨ᠎ᠠ᠃ ᠲᠡᠭᠦᠨ ᠤ ᠪᠣᠢ ᠪᠣᠯᠤᠭᠰᠠᠨ ᠨᠢ ᠮᠥᠨ ᠴᠦ ᠤᠷᠳᠤ ᠤᠳᠠᠭᠠᠨ ᠬᠥᠭᠵᠢᠯᠲᠡ ᠶᠢ | ᠥᠩᠭᠡᠷᠡᠭᠡᠭᠰᠡᠨ ᠪᠥᠭᠡᠳ ᠡᠨᠡ ᠬᠦ ᠶᠠᠪᠤᠴᠠ ᠳᠠᠭᠠᠨ ᠤᠯᠠᠨ ᠡᠰᠢᠲᠦ ᠰᠣᠶᠣᠯ ᠤᠨ ᠬᠦᠴᠦᠨ ᠵᠦᠶ᠋ᠯ ᠤᠨ ᠨᠥᠯᠥᠭᠡ ᠶᠢ | ᠣᠯᠣᠭᠰᠠᠨ ᠪᠠᠶᠢᠯ᠎ᠠ᠂ ᠡᠭᠦᠨ ᠳᠤ ᠡᠶᠢᠮᠦ ᠬᠡᠳᠦᠨᠵᠦᠢᠯ ᠤᠨ ᠬᠡᠯᠡᠯᠭᠡ ᠪᠠᠶᠢᠨ᠎ᠠ᠃ ᠶᠠᠭᠤᠨ ᠤ ᠤᠷᠢᠳ ᠪᠠᠷᠠᠭᠤᠨ | ᠠᠹᠷᠢᠺᠠ ᠶᠢᠨ ᠣᠷᠣᠨ ᠤ RITI ᠬᠥᠭᠵᠢᠮ ᠪᠣᠯᠣᠨ᠎ᠠ᠃ ᠡᠨᠡ ᠬᠥᠭᠵᠢᠮᠳᠡᠭᠦᠷ ᠨᠢ ᠪᠠᠷᠠᠭᠤᠨ ᠠᠹᠷᠢᠺᠠ ᠶᠢᠨ | ᠭᠠᠷᠠᠮ ᠤᠨ ᠬᠤᠲᠠ ᠳ᠋ᠠᠷᠺᠧᠯ ᠠᠴᠠ ᠢᠷᠡᠯ ᠲᠠᠢ᠂ ᠮᠣᠷᠢᠨ ᠰᠡᠭᠦᠯ ᠤᠨ ᠬᠢᠯᠭᠠᠰᠤ ᠪᠠᠷ ᠬᠢᠭᠰᠡᠨ ᠭᠠᠭᠴᠠ ᠬᠥᠪᠴᠢ ᠲᠠᠢ᠂ | ᠮᠣᠷᠢᠨ ᠰᠡᠭᠦᠯᠲᠦ ᠶᠠᠲᠤᠭ᠎ᠠ ᠶᠢᠨ ᠨᠤᠮᠤ ᠲᠠᠢ᠂ ᠶᠠᠲᠤᠭ᠎ᠠ ᠶᠢᠨ ᠬᠠᠶᠢᠷᠴᠠᠭ ᠶᠢ ᠠᠪᠤᠷᠭᠤ ᠮᠣᠭᠠᠢ ᠶᠢᠨ ᠠᠷᠠᠰᠤ ᠪᠠᠷ | ᠪᠦᠷᠢᠵᠡᠢ᠃ ᠳᠠᠷᠠᠭᠠᠯᠠᠪᠠᠯ ᠠᠹᠷᠢᠺᠠ ᠲᠢᠪ ᠤᠨ ᠡᠸ᠋ᠽᠢᠣᠪᠢᠶ᠎ᠡ ᠶᠢᠨ Masenqo ᠳᠤ ᠡᠨᠡ ᠬᠦ ᠬᠥᠭᠵᠢᠮᠳᠡᠭᠦᠷ ᠤᠨ | ᠬᠠᠶᠢᠷᠴᠠᠭ ᠨᠢ ᠳᠥᠷᠪᠡᠯᠵᠢᠨ ᠬᠡᠯᠪᠡᠷᠢ ᠲᠠᠢ ᠪᠠᠶᠢᠵᠤ᠂ ᠨᠢᠭᠤᠷ ᠢ ᠨᠢ ᠦᠬᠡᠷ ᠤᠨ ᠠᠷᠠᠰᠤ ᠪᠠᠷ ᠪᠦᠷᠢᠵᠦ᠂ ᠭᠠᠭᠴᠠ | ᠴᠢᠪᠬᠠᠳᠠᠰᠤᠲᠠᠢ᠂ ᠬᠡᠪ ᠨᠠᠮᠪᠠ ᠨᠢ ᠲᠥᠪᠯᠡᠭᠦᠨ ᠮᠥᠷᠲᠡᠭᠡᠨ ᠪᠣᠷᠣᠭᠵᠢᠭᠤᠨ᠃ ᠲᠠᠬᠢᠭᠠᠳ ᠬᠡᠯᠡᠪᠡᠯ᠂ ᠣᠳᠣᠬᠠᠨ ᠳᠤ | ᠡᠸᠦ᠋ᠷᠦᠫᠡ ᠲᠢᠪ ᠤᠨ ᠪᠠᠯᠺᠠᠨ ᠲᠠᠯ᠎ᠠ ᠨᠤᠲᠤᠭ ᠲᠤ ᠮᠥᠨ ᠯᠡ ᠳᠡᠯᠭᠡᠷᠡᠵᠦ ᠪᠠᠶᠢᠭ᠎ᠠ ᠤᠯᠠᠮᠵᠢᠯᠠᠯᠲᠤ ᠭᠠᠭᠴᠠ | ᠴᠢᠪᠬᠠᠳᠠᠰᠤᠲᠤ ᠬᠥᠭᠵᠢᠮᠳᠡᠭᠦᠷ Gusle ︵ ᠺᠷᠤᠲ᠋ᠢᠶ᠎ᠠ ᠬᠡᠯᠡ︶ ᠪᠣᠯᠣᠨ᠎ᠠ᠃ Gusle ᠶᠢ ᠶᠡᠷᠦ ᠳᠡᠭᠡᠨ ᠠᠷᠠᠳ ᠤᠨ | ᠳᠠᠭᠤᠤ ᠪᠤᠶᠤ ᠲᠤᠤᠯᠢᠰ ᠬᠠᠪᠰᠤᠷᠤᠨ ᠬᠥᠭᠵᠢᠮᠳᠡᠬᠦ ᠳᠤ ᠬᠡᠷᠡᠭᠯᠡᠳᠡᠭ᠃ ᠬᠥᠭᠵᠢᠮᠳᠡᠬᠦ ᠦᠶ᠎ᠡ ᠳᠤ᠂ | ᠬᠥᠭᠵᠢᠮᠳᠡᠭᠦᠷ ᠢᠶᠠᠨ ᠬᠤᠶᠠᠷ ᠡᠪᠦᠳᠦᠭ ᠤᠨ ᠳᠤᠮᠳᠠ ᠠᠰᠬᠠᠨ ᠬᠠᠪᠴᠢᠵᠤ᠂ ᠵᠡᠭᠦᠨ ᠭᠠᠷ ᠤᠨ ᠬᠤᠷᠤᠭᠤ ᠪᠠᠷ ᠢᠶᠠᠨ | ᠴᠢᠪᠬᠠᠳᠠᠬᠤ ᠪᠣᠯᠪᠠᠴᠤ ᠶᠠᠲᠤᠭ᠎ᠠ ᠶᠢᠨ ᠬᠥᠪᠴᠢ ᠨᠢ ᠶᠡᠷᠦ ᠠᠴᠠ ᠶᠠᠲᠤᠭ᠎ᠠ ᠶᠢᠨ ᠬᠦᠵᠦᠭᠦᠦ ᠲᠠᠢ ᠣᠶᠢᠷᠠᠳᠳᠠᠭ | ᠦᠭᠡᠢ᠃ ᠳᠡᠭᠡᠷᠡᠬᠢ 3 ᠵᠦᠢᠯ ᠤᠨ ᠭᠠᠭᠴᠠ ᠴᠢᠪᠬᠠᠳᠠᠰᠤᠲᠤ ᠬᠥᠭᠵᠢᠮᠳᠡᠭᠦᠷ ᠲᠠᠢ ᠬᠠᠮᠤᠭ ᠤᠨ ᠲᠥᠰᠥᠭᠡᠲᠡᠢ | ᠬᠥᠭᠵᠢᠮᠳᠡᠭᠦᠷ ᠪᠣᠯ Suhun khuuur ︵ ᠰᠦᠬᠡᠨ ᠬᠤᠭᠤᠷ︶ ᠪᠣᠯᠣᠨ᠎ᠠ᠃ ᠡᠨᠡ ᠪᠣᠯ ᠮᠣᠩᠭᠤᠯ ᠦᠨᠳᠦᠰᠦᠲᠡᠨ | ᠤ ᠡᠷᠲᠡᠨ ᠤ ᠭᠠᠭᠴᠠ ᠴᠢᠪᠬᠠᠳᠠᠰᠤᠲᠤ ᠱᠦᠷᠭᠦᠭᠦᠯ ᠬᠥᠭᠵᠢᠮᠳᠡᠭᠦᠷ ᠪᠣᠯᠣᠨ᠎ᠠ᠃ ᠲᠡᠷᠡ ᠨᠢ ᠪᠤᠬ᠎ᠠ ᠶᠢᠨ ᠰᠦᠬᠡ | ︵ᠪᠤᠷᠢᠶᠠᠳ ᠨᠤᠲᠤᠭ ᠤᠨ ᠠᠶᠠᠯᠭᠤ᠂ ᠳᠠᠪᠤᠰᠠᠩ ᠤᠨ ᠤᠭᠤᠲᠠ ᠭᠡᠰᠡᠨ ᠤᠳᠬ᠎ᠠ ᠲᠠᠢ︶ ᠪᠠᠷ ᠨᠢᠭᠤᠷ ᠢ ᠨᠢ ᠪᠦᠷᠢᠵᠦ᠂ | ᠮᠣᠷᠢᠨ ᠰᠡᠭᠦᠯ ᠤᠨ ᠬᠢᠯᠭᠠᠰᠤ ᠪᠠᠷ ᠶᠠᠲᠤᠭ᠎ᠠ ᠶᠢᠨ ᠬᠥᠪᠴᠢ ᠬᠢᠵᠦ᠂ ᠬᠥᠭᠵᠢᠮᠳᠡᠬᠦ ᠳᠡᠭᠡᠨ ᠭᠠᠵᠠᠷ ᠰᠠᠭᠤᠭ᠎ᠠ ᠬᠡᠯᠪᠡᠷᠢ | ᠪᠠᠷ ᠬᠥᠪᠴᠢ ᠪᠠᠨ ᠲᠠᠪᠤᠨ ᠬᠤᠷᠤᠭᠤ ᠪᠠᠷ ᠢᠶᠠᠨ ᠴᠢᠯᠦᠭᠡᠲᠡᠢ ᠳᠠᠷᠤᠳᠠᠭ᠃ ᠮᠣᠷᠢᠨ ᠬᠤᠭᠤᠷ ᠬᠥᠭᠵᠢᠯ ᠤᠨ ᠲᠡᠦᠬᠡ | ᠪᠠᠨ ᠪᠢᠴᠢᠭᠯᠡᠵᠦ᠂ ᠮᠣᠷᠢᠨ ᠬᠤᠭᠤᠷ ᠤᠨ ᠲᠠᠭᠤᠨ ᠲᠡᠦᠬᠡ ᠶᠢᠨ ᠣᠭᠲᠠᠷᠭᠤᠢ ᠶᠢᠨ ᠴᠡᠭᠡᠯ ᠳᠤ ᠴᠤᠤᠷᠢᠶᠠᠲᠤᠵᠤ᠂ | ᠳᠤᠷᠠᠰᠬᠤ ᠲᠤᠰᠤᠮ ᠬᠥᠮᠥᠰ ᠤᠨ ᠰᠣᠨᠢᠷᠬᠠᠯ ᠢ ᠲᠠᠲᠠᠮ᠎ᠠ ᠰᠠᠶᠢᠬᠠᠨ᠃ |