| | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ | ᠮᠠᠨ ᠤ ᠣᠷᠣᠨ ᠡᠨᠡ ᠵᠢᠯ 5077 ᠺᠢᠯᠣᠮᠧᠲᠷ ᠤᠨ ᠬᠥᠳᠡᠭᠡ ᠲᠤᠰᠬᠤᠨ ᠤ ᠵᠠᠰᠠᠮᠠᠯ ᠵᠠᠮ ᠢ ᠪᠠᠷᠢᠯᠭ᠎ᠠ ᠡᠬᠢᠯᠡᠭᠦᠯᠦᠨ | ᠪᠦᠲᠦᠭᠡᠨ ᠪᠠᠶᠢᠭᠤᠯᠵᠤ᠂ ᠣᠨ ᠤ ᠬᠠᠷᠠᠯᠲᠠᠲᠤ ᠡᠭᠦᠷᠭᠡ ᠪᠠᠨ 101.5% ᠪᠠᠷ ᠪᠡᠶᠡᠯᠡᠭᠦᠯᠪᠡ᠃ | | | ᠡᠨᠡ ᠵᠢᠯ ᠪᠦᠭᠦ ᠣᠷᠣᠨ ᠳᠤ ᠴᠢᠩ ᠱᠦᠢ ᠾᠧ ᠰᠢᠶᠠᠨ ᠵᠡᠷᠭᠡ ᠪᠦᠭᠦ ᠤᠯᠤᠰ ᠤᠨ ︽ᠳᠥᠷᠪᠡᠨ ᠰᠠᠶᠢᠨ | ᠬᠥᠳᠡᠭᠡ ᠲᠣᠰᠬᠤᠨ ᠤ ᠵᠠᠰᠠᠮᠠᠯ ᠵᠠᠮ︾ ᠤᠨ ᠵᠢᠱᠢᠶ᠎ᠡ ᠦᠵᠡᠭᠦᠯᠭᠦ ᠰᠢᠶᠠᠨ ᠰᠢᠨ᠎ᠡ ᠪᠠᠷ 5 ᠨᠡᠮᠡᠭᠳᠡᠵᠦ᠂ ᠪᠣᠷᠣᠬᠤᠲᠠ - | ᠪᠠᠶᠠᠨᠲᠤᠬᠤᠢ ᠬᠦᠷᠬᠦ ᠵᠠᠰᠠᠮᠠᠯ ᠵᠠᠮ ᠪᠦᠭᠦ ᠤᠯᠤᠰ ᠤᠨ ︽ᠠᠷᠪᠠᠨ ᠬᠠᠮᠤᠭ ᠤᠨ ᠭᠤᠶᠣ ᠬᠥᠳᠡᠭᠡ ᠲᠣᠰᠬᠤᠨ ᠤ | ᠵᠠᠰᠠᠮᠠᠯ ᠵᠠᠮ︾ ᠢᠶᠠᠷ ᠰᠣᠩᠭᠤᠬᠳᠠᠪᠠ; ᠬᠥᠯᠥᠨ ᠪᠤᠶᠢᠷ ᠬᠤᠳᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ | ︽ᠬᠥᠳᠡᠭᠡ ᠲᠣᠰᠬᠤᠨ ᠤ ᠵᠠᠰᠠᠮᠠᠯ ᠵᠠᠮ ᠤᠨ ᠰᠠᠭᠤᠷᠢ ᠶᠢ ᠪᠠᠬᠢᠵᠢᠭᠦᠯᠵᠦ ᠬᠢᠯᠢ ᠶᠢᠨ ᠬᠠᠮᠠᠭᠠᠯᠠᠯᠲᠠ ᠶᠢᠨ ᠬᠥᠭᠵᠢᠯᠲᠡ | ᠶᠢ ᠬᠥᠲᠥᠯᠥᠨ ᠳᠠᠭᠠᠭᠤᠯᠤᠭᠰᠠᠨ ᠰᠢᠨ᠎ᠡ ᠵᠠᠮ︾ ᠪᠣᠯᠣᠨ ᠤᠯᠠᠭᠠᠨᠬᠠᠳᠠ ᠬᠤᠳᠠ ᠶᠢᠨ ᠣᠩᠨᠢᠭᠤᠳ ᠬᠤᠰᠢᠭᠤᠨ ᠤ | ︽ᠰᠢᠷᠭᠠᠯ ᠡᠯᠡᠰᠦ ᠶᠢ ᠡᠮᠵᠢᠶᠡᠷᠢᠯᠡᠭᠰᠡᠨ ᠰᠢᠵᠢᠷ ᠵᠠᠮ︾ ᠪᠦᠭᠦ ᠤᠯᠤᠰ ᠤᠨ ︽ᠲᠦᠷᠪᠡᠨ ᠰᠠᠶᠢᠨ ᠬᠥᠳᠡᠭᠡ ᠲᠣᠰᠬᠤᠨ | ᠤ ᠵᠠᠰᠠᠮᠠᠯ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢᠨ ᠨᠡᠶᠢᠲᠡᠯᠢᠭ ᠵᠢᠱᠢᠶ᠎ᠡ ᠪᠠᠷ ᠦᠨᠡᠯᠡᠭᠳᠡᠭᠰᠡᠨ ᠪᠠᠶᠢᠨ᠎ᠠ᠃ | | | ᠮᠠᠨ ᠤ ᠣᠷᠣᠨ ᠡᠨᠡ ᠵᠢᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠤ | ᠡᠯᠡᠰᠦᠷᠬᠡᠭ ᠭᠠᠵᠠᠷ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠣᠷᠣᠨ ᠤ | ︿ᠵᠠᠰᠠᠮᠠᠯ ᠵᠠᠮ ᠢᠶᠠᠷ ᠡᠯᠡᠰᠦ ᠶᠢ ᠵᠠᠰᠠᠬᠤ﹀ ᠬᠥᠭᠵᠢᠯᠲᠡ ᠶᠢᠨ ᠲᠥᠯᠦᠪᠵᠢᠭᠦᠯᠭᠡ ︵2024 - 2030 ᠣᠨ︶︾ ᠶᠢ | ᠳᠠᠷᠤᠮᠠᠯᠯᠠᠨ ᠲᠠᠷᠬᠠᠭᠠᠵᠤ᠂ 2030 ᠣᠨ ᠪᠤᠯᠲᠠᠯ᠎ᠠ 6363 ᠺᠢᠯᠣᠮᠧᠲᠷ ᠤᠨ ᠡᠯᠡᠰᠦ ᠶᠢ ᠳᠤᠭᠤᠯᠤᠬᠰᠠᠨ ᠵᠠᠰᠠᠮᠠᠯ | ᠵᠠᠮ ᠢ ᠰᠢᠨ᠎ᠡ ᠪᠠᠷ ᠥᠭᠡᠷᠡᠴᠢᠯᠡᠨ ᠵᠠᠰᠠᠨ᠎ᠠ ᠭᠡᠵᠦ ᠳᠤᠷᠠᠳᠴᠠᠢ᠃ ᠪᠠᠰᠠ ᠮᠠᠯᠵᠢᠬᠤ ᠲᠠᠷᠢᠶᠠᠯᠠᠬᠤ ᠣᠷᠣᠨ ᠳᠤ ᠨᠡᠶᠢᠲᠡ | 20629 ᠴᠠᠭᠢᠯᠭᠠᠨ ᠴᠡᠨᠡᠭᠯᠡᠭᠦᠷ ᠤᠭᠰᠠᠷᠠᠵᠤ᠂ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ | ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢ 100% ᠪᠠᠷ ᠬᠠᠶᠢᠵᠤ ᠬᠡᠷᠡᠭᠯᠡᠵᠦ ᠲᠠᠶᠢᠯᠭᠦ ᠪᠤᠯᠪᠠ;ᠠᠵᠢᠯ ᠣᠯᠭᠤᠬᠤ | ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ | ᠬᠠᠮᠢᠶᠠᠷᠤᠨ ᠬᠠᠮᠠᠭᠠᠯᠠᠬᠤ ᠬᠦᠷᠢᠶᠡᠨ ᠳᠤ 20938 ᠠᠵᠢᠯ ᠤᠨ ᠪᠠᠶᠢᠷᠢ ᠲᠣᠬᠢᠷᠠᠭᠤᠯᠵᠤ᠂ ᠭᠤᠣᠯᠳᠠᠯᠭ᠎ᠠ ᠲᠠᠢ | ᠵᠠᠰᠠᠮᠠᠯ ᠵᠠᠮ ᠤᠨ ᠲᠥᠷᠥᠯ ᠵᠦᠢᠯ ᠳᠤ 15476 ᠠᠵᠢᠯᠲᠠᠨ ᠲᠣᠬᠢᠷᠠᠭᠤᠯᠤᠨ ᠨᠢᠳᠤᠨᠤᠨ ᠤ ᠠᠳᠠᠯᠢ ᠬᠤᠭᠤᠴᠠᠭᠠᠨ | ᠤ ᠬᠢ ᠠᠴᠠ 123.9% ᠪᠠᠷ ᠨᠡᠮᠡᠭᠳᠡᠪᠡ᠃ | |