ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/11/15
     ᠣᠶᠢᠷ᠎ᠠ ᠳᠤ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ︽ᠠᠰᠢᠭᠲᠤ ᠪᠠᠺᠲ᠋ᠧᠷᠢ ᠶᠢ ᠬᠠᠷᠠᠯᠲᠠ ᠲᠠᠢ ᠰᠢᠭᠰᠢᠨ ᠰᠣᠩᠭᠤᠬᠤ ᠪᠠ ᠬᠡᠪ ᠤᠨ ᠳᠤᠯᠠᠭᠠᠨ ᠢᠶᠠᠷ ᠬᠤᠮᠬᠢᠨ ᠲᠣᠭᠲᠠᠪᠤᠷᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ︾ ᠢᠶᠠᠷ ᠢᠶᠠᠨ ᠳᠤᠮᠳᠠᠳᠤ ᠤᠯᠤᠰ ᠤᠨ ᠢᠳᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠮᠡᠷᠭᠡᠵᠢᠯ ᠤᠨ ᠡᠭᠦᠳᠦᠯᠲᠡ ᠶᠢᠨ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ᠃ ᠲᠣᠰ ᠲᠥᠪ ᠨᠢ ᠠᠵᠤ ᠦᠢᠯᠡᠰ ᠰᠤᠷᠭᠠᠭᠤᠯᠢ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠪᠠᠷ ᠳᠠᠮᠵᠢᠭᠤᠯᠤᠨ᠂ ᠠᠰᠢᠭᠲᠤ ᠪᠠᠺᠲ᠋ᠧᠷᠢ ᠶᠢᠨ ᠬᠡᠪ ᠤᠨ ᠳᠤᠯᠠᠭᠠᠨ ᠤ ᠡᠭᠡᠳᠡᠭᠰᠡᠨ ᠰᠦ᠂ ᠰᠦ ᠲᠠᠢ ᠤᠮᠳᠠᠭᠠᠨ ᠵᠡᠷᠭᠡ ᠳᠣᠣᠷ᠎ᠠ pH ᠬᠡᠮᠵᠢᠭᠳᠡᠯ᠂ ᠥᠨᠳᠥᠷ ᠤᠰᠤᠨ ᠢᠳᠡᠪᠬᠢ ᠲᠠᠢ ᠬᠡᠪ ᠤᠨ ᠳᠤᠯᠠᠭᠠᠨ ᠤ ᠪᠦᠲᠦᠭᠡᠭᠳᠡᠬᠦᠨ ᠤ ᠳᠤᠮᠳᠠ ᠢᠳᠡᠪᠬᠢ ᠦᠭᠡᠢ ᠪᠣᠯᠬᠤ ᠬᠦᠴᠢᠷ ᠠᠰᠠᠭᠤᠳᠠᠯ ᠢ ᠰᠢᠪᠲᠤᠯᠵᠤ᠂ ᠣᠯᠠᠨ ᠤᠯᠤᠰ ᠤᠨ ᠲᠡᠷᠢᠭᠦᠨ ᠤ ᠬᠡᠪ ᠤᠨ ᠳᠤᠯᠠᠭᠠᠨ ᠤ ᠠᠮᠢᠳᠤ ᠪᠠᠺᠲ᠋ᠧᠷᠢ ᠶᠢᠨ ᠬᠤᠮᠬᠢᠬᠤ ᠮᠡᠷᠭᠡᠵᠢᠯ ᠢ ᠰᠤᠳᠤᠯᠤᠨ ᠨᠡᠭᠡᠭᠡᠭᠰᠡᠨ ᠤ ᠬᠠᠮᠲᠤ᠂ ᠥᠨᠳᠥᠷ ᠢᠳᠡᠪᠬᠢ ᠴᠢᠨᠠᠷᠲᠠᠢ ᠠᠰᠢᠭᠲᠤ ᠪᠠᠺᠲ᠋ᠧᠷᠢ ᠶᠢᠨ ᠪᠦᠲᠦᠭᠡᠭᠳᠡᠬᠦᠨ ᠢ ᠭᠠᠷᠭᠠᠪᠠ᠃ ᠣᠶᠢᠷ᠎ᠠ ᠶᠢᠨ 3 ᠵᠢᠯ ᠤᠨ ᠲᠤᠷᠰᠢ᠂ ᠬᠠᠮᠢᠶ᠎ᠠ ᠪᠦᠬᠦᠢ ᠮᠡᠷᠭᠡᠵᠢᠯ ᠤᠨ ᠦᠷ᠎ᠡ ᠪᠦᠲᠦᠭᠡᠯ ᠢ ᠢᠯᠢ᠂ ᠣᠣ ᠶᠢᠦ᠂ ᠵᠢᠨᠴᠢᠶᠣᠣ ᠵᠡᠷᠭᠡ ᠠᠵᠤ ᠠᠬᠤᠶᠢᠯᠠᠯ ᠤᠯᠠᠷᠢᠭᠤᠯᠤᠨ ᠬᠡᠷᠡᠭᠯᠡᠵᠦ᠂ ᠠᠵᠤ ᠠᠬᠤᠢ ᠶᠢᠨ ᠦᠷ᠎ᠡ ᠠᠰᠢᠭ ᠢ ᠨᠡᠶᠢᠲᠡ 48 ᠳ᠋ᠦᠩᠰᠢᠭᠤᠷ ᠲᠥᠭᠦᠷᠢᠭ ᠪᠣᠶ ᠪᠣᠯᠭᠠᠪᠠ᠃ ︵ᠬᠥᠬᠡᠬᠤᠲᠠ ᠶᠢᠨ ᠵᠠᠰᠠᠭ ᠤᠨ ᠣᠷᠳᠣᠨ︶
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号