ᠮᠣᠩᠭᠤᠯᠴᠤᠳ ᠤᠨ ᠵᠠᠰᠠᠯ ᠴᠢᠮᠡᠭᠯᠡᠯ ᠤᠨ ᠡᠷᠡᠭᠦᠯᠵᠢᠯ ᠤᠨ ᠤᠬᠠᠭᠠᠨ ︵ᠨᠢᠭᠡ︶
ᠨᠡᠶᠢᠲᠡᠯᠡᠭᠰᠡᠨ ᠴᠠᠭ᠄
2024/11/19
      ᠵᠠᠰᠠᠯ ᠴᠢᠮᠡᠭᠯᠡᠯ ᠪᠣᠯ ᠨᠢᠭᠡ ᠦᠨᠳᠦᠰᠦᠲᠡᠨ ᠤ ᠣᠨᠴᠠᠯᠢᠭ᠂ ᠵᠠᠩ ᠳᠠᠳᠬᠠᠯ᠂ ᠶᠣᠰᠣ ᠰᠤᠷᠲᠠᠬᠤᠨ᠂ ᠡᠷᠡᠭᠦᠯ ᠬᠠᠮᠠᠭᠠᠯᠠᠯ ᠤᠨ ᠲᠤᠰᠬᠠᠯ ᠶᠤᠮ᠃ ᠮᠣᠩᠭᠤᠯᠴᠤᠳ ᠤᠨ ᠵᠠᠰᠠᠯ ᠴᠢᠮᠡᠭᠯᠡᠯ ᠨᠢ ᠥᠪᠡᠷᠮᠢᠴᠡ ᠣᠨᠴᠠᠯᠢᠭ ᠲᠠᠢ᠂ ᠮᠣᠩᠭᠤᠯ ᠠᠨᠠᠭᠠᠬᠤ ᠤᠬᠠᠭᠠᠨ ᠤ ᠵᠠᠰᠠᠯᠭ᠎ᠠ ᠠᠴᠠ ᠤᠯᠠᠷᠢᠨ ᠬᠤᠪᠢᠷᠠᠵᠤ ᠢᠷᠡᠭᠰᠡᠨ ᠤᠯᠠ ᠮᠥᠷ ᠲᠠᠢ᠃ ᠮᠥᠩᠭᠦᠨ ᠠᠶᠠᠭ᠎ᠠ᠄ ᠨᠢᠭᠡ ᠠᠶᠠᠭ᠎ᠠ ᠶᠢ ᠣᠯᠠᠨ ᠬᠥᠮᠥᠨ ᠬᠡᠷᠡᠭᠯᠡᠪᠡᠯ ᠡᠪᠡᠳᠴᠢᠨ ᠪᠠᠺᠲ᠋ᠧᠷᠢ ᠠᠶᠠᠭ᠎ᠠ ᠪᠠᠷ ᠳᠠᠮᠵᠢᠵᠤ ᠬᠠᠯᠳᠠᠪᠤᠷᠢᠯᠠᠬᠤ ᠶᠣᠰᠣ ᠶᠢ ᠮᠣᠩᠭᠤᠯᠴᠤᠳ ᠠᠯᠢ ᠡᠷᠲᠡ ᠠᠴᠠ ᠣᠯᠵᠤ ᠮᠡᠳᠡᠭᠰᠡᠨ ᠤᠴᠢᠷ ᠠᠴᠠ ᠥᠪᠡᠷ ᠢᠶᠠᠨ ᠠᠶᠠᠭ᠎ᠠ ᠰᠠᠪᠬ᠎ᠠ ᠪᠠᠨ ᠠᠪᠴᠤ ᠶᠠᠪᠤᠭᠠᠳ ᠬᠡᠷᠡᠭᠯᠡᠳᠡᠭ ᠵᠠᠩᠰᠢᠯ ᠲᠠᠢ ᠶᠤᠮ᠃ ᠢᠯᠠᠩᠭᠤᠶ᠎ᠠ ᠮᠥᠩᠭᠦᠨ ᠠᠶᠠᠭ᠎ᠠ ᠨᠢ ᠵᠠᠰᠠᠯ ᠴᠢᠮᠡᠭᠯᠡᠯ ᠪᠣᠯᠳᠠᠭ ᠪᠥᠭᠡᠳ ᠪᠤᠵᠠᠷ ᠢ ᠰᠡᠷᠭᠡᠶᠢᠯᠡᠭᠴᠢ ᠪᠡᠶ᠎ᠡ ᠶᠢᠨ ᠬᠠᠨᠢ᠂ ᠪᠤᠶᠠᠨ ᠢ ᠡᠳ᠋ᠯᠡᠭᠴᠢ ᠨᠠᠰᠤᠨ ᠤ ᠬᠡᠷᠡᠭᠰᠡᠯ ᠶᠤᠮ᠃ ᠮᠥᠩᠭᠦ ᠪᠣᠯ ᠬᠠᠯᠠᠭᠤᠨ ᠢ ᠲᠦᠷᠭᠡᠨ ᠳᠠᠮᠵᠢᠭᠤᠯᠬᠤ ᠨᠢᠭᠡ ᠵᠦᠢᠯ ᠤᠨ ᠲᠡᠮᠦᠷᠯᠢᠭ ᠪᠣᠯᠬᠤ ᠶᠤᠮ᠃ ᠮᠥᠩᠭᠦᠨ ᠠᠶᠠᠭᠠᠨ ᠳᠤ ᠦᠷᠭᠦᠯᠵᠢ ᠴᠠᠢ ᠤᠰᠤ ᠤᠤᠭᠤᠪᠠᠯ ᠤᠷᠤᠭᠤᠯ ᠤᠨ ᠡᠪᠡᠳᠴᠢᠨ ᠳᠤ ᠨᠡᠷᠪᠡᠭᠳᠡᠬᠦ ᠶᠢ ᠰᠡᠷᠭᠡᠶᠢᠯᠡᠨ᠎ᠡ᠃
 
ᠢᠷᠡᠯᠲᠡ᠄ ᠪᠠᠶᠠᠨᠨᠠᠭᠤᠷ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号