| | | ︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠪᠣᠯᠣᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠠᠮᠲᠤᠷᠠᠨ | ᠠᠩᠬᠠᠳᠠᠭᠴᠢ ᠪᠦᠯᠦᠭ ︽ᠪᠣᠬᠢᠷ ᠤᠰᠤ ᠰᠢᠢᠳᠪᠦᠷᠢᠯᠡᠬᠦ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠡᠪ | ᠵᠠᠭᠪᠤᠷ ᠤᠨ ᠦᠢᠯᠡᠳᠪᠦᠷᠢ︾ ᠶᠢᠨ ᠨᠡᠷᠡᠰ ᠢ ᠨᠡᠶᠢᠲᠡᠯᠡᠪᠡ᠂ ᠡᠭᠦᠨ ᠳᠤ ᠬᠥᠬᠡᠬᠤᠲᠠ ᠶᠢᠨ ᠰᠢᠰᠢ ᠶᠢᠨ ᠪᠠᠶᠢᠰᠢᠩ ᠤᠨ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠨᠢ ᠪᠦᠬᠦ ᠤᠯᠤᠰ ᠤᠨ ᠠᠩᠬᠠᠳᠤᠭᠠᠷ ᠲᠤᠰ ᠢᠷᠠᠭᠤ ᠠᠯᠳᠠᠷ ᠪᠦᠬᠦᠢ | ᠦᠢᠯᠡᠳᠪᠦᠷᠢ ᠶᠢᠨ ᠨᠢᠭᠡᠨ ᠪᠣᠯᠤᠭᠰᠠᠨ ᠪᠠᠶᠢᠨ᠎ᠠ᠂ ᠡᠭᠦᠨ ᠤ ᠬᠠᠮᠲᠤ ᠪᠠᠰᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠴᠣᠷ ᠤᠨ ᠭᠠᠭᠴᠠ ᠲᠤᠰ ᠢᠷᠠᠭᠤ ᠠᠯᠳᠠᠷ ᠢ ᠬᠦᠷᠲᠡᠭᠰᠡᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠮᠥᠨ᠃ | | | ᠣᠶᠢᠯᠠᠭᠠᠭᠰᠠᠨ ᠢᠶᠠᠷ᠂ 7 ᠳ᠋ᠤᠭᠠᠷ ᠰᠠᠷ᠎ᠠ ᠶᠢᠨ 3 ᠤ ᠡᠳᠦᠷ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ︽ᠪᠣᠬᠢᠷ ᠤᠰᠤ ᠶᠢ ᠰᠢᠢᠳᠪᠦᠷᠢᠯᠡᠬᠦ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠡᠪ | ᠳᠠᠭᠤᠷᠢᠶᠠᠯ ᠤᠨ ᠦᠢᠯᠡᠳᠪᠦᠷᠢ ᠶᠢ ᠰᠢᠯᠢᠨ ᠰᠣᠩᠭᠤᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠨᠡᠶᠢᠲᠡᠯᠡᠵᠦ᠂ | ︽ᠨᠢᠭᠡ ᠪᠦᠯᠦᠭ ᠢ ᠰᠢᠯᠢᠨ ᠰᠣᠩᠭᠤᠬᠤ᠂ ᠨᠢᠭᠡ ᠪᠦᠯᠦᠭ ᠢ ᠰᠢᠨ᠎ᠡ ᠪᠠᠷ ᠪᠠᠶᠢᠭᠤᠯᠬᠤ ᠥᠭᠡᠷᠡᠴᠢᠯᠡᠬᠦ ᠥᠷᠭᠡᠳᠬᠡᠬᠦ︾ | ᠠᠷᠭ᠎ᠠ ᠬᠡᠯᠪᠡᠷᠢ ᠪᠠᠷ 2025 ᠣᠨ ᠤ ᠡᠴᠦᠰ ᠠᠴᠠ ᠡᠮᠦᠨ᠎ᠡ᠂ ᠪᠥᠬᠦ ᠤᠯᠤᠰ ᠲᠤ ᠡᠨᠧᠷᠭᠢ ᠶᠢᠨ ᠡᠬᠢ ᠪᠠᠶᠠᠯᠢᠭ ᠢ | ᠥᠨᠳᠥᠷ ᠪᠦᠲᠦᠮᠵᠢᠲᠡᠶ ᠪᠠᠷ ᠤᠷᠴᠢᠯᠳᠤᠭᠤᠯᠤᠨ ᠠᠰᠢᠭᠯᠠᠬᠤ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ | ᠬᠡᠪ ᠳᠠᠭᠤᠷᠢᠶᠠᠯ ᠤᠨ ᠦᠢᠯᠡᠳᠪᠦᠷᠢ ᠶᠢ 100 ᠪᠠᠶᠢᠭᠤᠯᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠯ᠎ᠡ ᠪᠣᠬᠢᠷ | ᠤᠰᠤ ᠰᠢᠢᠳᠪᠦᠷᠢᠯᠡᠬᠦ ᠡᠵᠡᠩᠨᠡᠯᠲᠡ ᠶᠢᠨ ᠨᠢᠭᠡᠴᠢ ᠶᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ ᠠᠵᠢᠯ ᠢ | ᠥᠷᠨᠢᠭᠦᠯᠵᠦ᠂ ᠰᠢᠰᠢ ᠶᠢᠨ ᠪᠠᠶᠢᠰᠢᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠪᠠᠨᠳᠢ ᠠᠶᠢᠯ ᠤᠨ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ ᠵᠡᠷᠭᠡ ᠨᠢ ᠥᠪᠡᠷᠲᠡᠭᠡᠨ ᠵᠠᠰᠠᠬᠤ ᠣᠷᠣᠨ ᠤ | ᠬᠢᠨᠠᠨ ᠲᠣᠭᠲᠠᠭᠠᠯᠲᠠ ᠪᠠᠷ ᠳᠠᠮᠵᠢᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠢᠨᠠᠨ ᠲᠣᠭᠲᠠᠭᠠᠯᠲᠠ ᠳᠤ | ᠳᠡᠪᠰᠢᠭᠦᠯᠪᠡ᠃ | | | ᠰᠢᠰᠢ ᠶᠢᠨ ᠪᠠᠶᠢᠰᠢᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠨᠢ ᠢᠦᠢ ᠴᠢᠤᠸᠠᠨ ᠲᠣᠭᠤᠷᠢᠭ ᠤᠨ | ᠡᠮᠦᠨ᠎ᠡ ᠬᠤᠶᠠᠳᠤᠭᠠᠷ ᠲᠣᠭᠤᠷᠢᠯ ᠵᠠᠮ ᠬᠢᠭᠡᠳ ᠬᠤᠷᠢᠨᠭᠡᠷ ᠵᠠᠮ ᠤᠨ ᠠᠭᠤᠯᠵᠠᠷ ᠤᠨ ᠵᠡᠭᠦᠨ ᠡᠮᠦᠨ᠎ᠡ ᠪᠠᠶᠢᠷᠢᠯᠠᠵᠤ᠂ | ᠰᠢᠢᠳᠪᠦᠷᠢᠯᠡᠬᠦ ᠴᠢᠳᠠᠪᠤᠷᠢ ᠨᠢ 20 ᠲᠦᠮᠡᠨ ᠲᠣᠨ / ᠡᠳᠦᠷ ᠪᠠᠶᠢᠵᠤ᠂ ᠦᠢᠯᠡᠴᠢᠯᠡᠭᠡᠨ ᠤ ᠲᠠᠯᠠᠪᠠᠶ ᠨᠢ ᠪᠠᠷᠤᠭ 72 | ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 80 ᠲᠦᠮᠡᠨ ᠬᠥᠮᠥᠨ ᠠᠷᠠᠳ ᠲᠤ ᠦᠢᠯᠡᠴᠢᠯᠡᠨ᠎ᠡ᠃ ᠰᠢᠰᠢ ᠶᠢᠨ | ᠪᠠᠶᠢᠰᠢᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠨᠢ ᠲᠣᠮᠣ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠢ | ᠢᠳᠡᠪᠬᠢᠲᠡᠢ ᠨᠡᠭᠡᠭᠡᠨ ᠬᠥᠭᠵᠢᠭᠦᠯᠵᠦ᠂ ᠤᠷᠢᠳ ᠬᠤᠵᠢᠳ ︽ᠣᠶᠤᠨᠲᠤ ᠡᠵᠡᠩᠨᠡᠯᠲᠡ ᠶᠢᠨ ᠰᠢᠰᠲ᠋ᠧᠮ︾ ︽ᠡᠮ | ᠨᠠᠶᠢᠷᠠᠯᠭ᠎ᠠ ᠶᠢᠨ ᠳ᠋ᠠᠶᠢᠲ᠋ᠠ ᠬᠥᠮᠥᠷᠭᠡ︾ ︽ᠲᠥᠬᠦᠭᠡᠷᠦᠮᠵᠢ ᠶᠢᠨ ᠡᠭᠦᠯᠡᠨ ᠬᠠᠮᠠᠭᠠᠯᠠᠯᠲᠠ ᠶᠢᠨ ᠰᠢᠰᠲ᠋ᠧᠮ︾ ᠵᠡᠷᠭᠡ ᠤᠯᠠᠨ | ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠨᠡᠭᠡᠭᠡᠨ ᠬᠥᠭᠵᠢᠭᠦᠯᠪᠡ᠃ ᠥᠨᠳᠥᠷ ᠪᠦᠲᠦᠮᠵᠢᠲᠡᠶ ᠪᠣᠬᠢᠷᠲᠤᠯ ᠢ ᠪᠠᠭᠠᠰᠬᠠᠵᠤ᠂ | ᠡᠨᠧᠷᠭᠢ ᠠᠷᠪᠢᠯᠠᠨ ᠬᠤᠷᠣᠭᠳᠠᠯ ᠢ ᠪᠠᠭᠠᠰᠬᠠᠬᠤ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠵᠤ᠂ ᠮᠡᠷᠭᠡᠵᠢᠯ ᠤᠨ | ᠪᠣᠯᠵᠣᠯᠲᠤ ᠲᠤᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠨᠡᠭᠦᠷᠡᠰᠦᠲᠥ᠋ᠷᠥᠭᠴᠢ ᠶᠢᠨ ᠣᠷᠣᠭᠤᠯᠤᠯᠲᠠ ᠪᠠ | ᠴᠠᠬᠢᠯᠭᠠᠨ ᠡᠨᠧᠷᠭᠢ ᠶᠢᠨ ᠬᠤᠷᠣᠭᠳᠠᠯ ᠢ ᠶᠡᠭᠡ ᠪᠠᠷ ᠪᠠᠭᠠᠰᠬᠠᠵᠠᠢ᠃ ᠡᠭᠦᠨ ᠤ ᠬᠠᠮᠲᠤ᠂ ᠪᠣᠬᠢᠷ ᠤᠰᠤ ᠶᠢ | ᠰᠢᠢᠳᠪᠦᠷᠢᠯᠡᠬᠦ ᠪᠥᠬᠦ ᠶᠠᠪᠤᠴᠠ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠦᠨᠡᠯᠡᠨ ᠵᠢᠱᠢᠬᠦ ᠪᠠ ᠲᠣᠭᠠᠴᠠᠭ᠎ᠠ | ᠬᠢᠬᠦ ᠶᠢ ᠬᠠᠶᠢᠨ ᠰᠦᠪᠡᠭᠴᠢᠯᠡᠵᠦ᠂ ᠪᠣᠬᠢᠷ ᠤᠰᠤ ᠶᠢ ᠴᠤᠭᠯᠠᠭᠤᠯᠵᠤ ᠰᠢᠢᠳᠪᠦᠷᠢᠯᠡᠬᠦ᠂ ᠪᠣᠬᠢᠷᠲᠤᠯ ᠢ ᠪᠠᠭᠠᠰᠬᠠᠬᠤ᠂ | ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠵᠡᠢ᠃ |