| | 10 ᠳ᠋ᠤᠭᠠᠷ ᠰᠠᠷ᠎ᠠ ᠶᠢᠨ 31 ᠤ ᠡᠳᠦᠷ ᠠᠴᠠ 11 ᠳ᠋ᠦ᠋ᠭᠡᠷ ᠰᠠᠷ᠎ᠠ ᠶᠢᠨ 21 ᠤ ᠡᠳᠦᠷ ᠪᠣᠯᠲᠠᠯ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ | ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠲᠤᠰᠬᠠᠢ ᠰᠡᠳᠦᠪ | ᠬᠤᠪᠢᠶᠠᠨ 7 ᠲᠠᠯᠠᠪᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 23 ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠢ ᠤᠷᠢᠨ ᠣᠷᠣᠯᠴᠠᠭᠤᠯᠵᠤ᠂ ᠬᠠᠮᠢᠶ᠎ᠠ ᠪᠦᠬᠦᠢ ᠬᠦᠷᠢᠶᠡᠨ ᠳᠠᠬᠢ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠪᠠᠶᠢᠭ᠎ᠠ ᠬᠠᠮᠢᠶ᠎ᠠ ᠪᠦᠬᠦᠢ ᠪᠠᠶᠢᠳᠠᠯ ᠢ | ᠲᠠᠨᠢᠯᠴᠠᠭᠤᠯᠤᠭᠰᠠᠨ ᠪᠠ ᠲᠠᠨᠢᠯᠴᠠᠭᠤᠯᠵᠤ ᠪᠠᠷ ᠪᠠᠶᠢᠨ᠎ᠠ᠃ | ᠥᠪᠥᠷ ᠮᠣᠩᠭᠤᠯ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠨᠠᠩ ᠰᠠᠶᠢᠲᠤᠷ ᠤᠷᠮᠠᠰᠢᠭᠤᠯᠤᠨ | ᠵᠣᠷᠢᠭᠵᠢᠭᠤᠯᠪᠠ | 10 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ | ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠬᠦ ᠰᠢᠷᠢᠰ | ᠭᠤᠣᠯ ᠰᠡᠳᠦᠪ ᠤᠨ ᠨᠢᠭᠡᠳᠦᠭᠡᠷ ᠲᠠᠯᠠᠪᠤᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠳ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ ᠵᠣᠷᠢᠭᠵᠢᠭᠤᠯᠬᠤ | ᠵᠡᠷᠭᠡ ᠪᠠᠶᠢᠳᠠᠯ ᠢ ᠲᠠᠨᠢᠯᠴᠠᠭᠤᠯᠤᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠨᠠᠮ ᠤᠨ | ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ︽ᠲᠥᠷᠥᠯ ᠵᠦᠢᠯ ᠤᠨ ᠨᠠᠷᠢᠨ ᠳᠠᠩᠰᠠ︾ ᠶᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ᠂ | ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ᠂ ᠺᠠᠳ᠋ᠷ | ᠠᠵᠢᠯᠲᠠᠨ ᠤ ᠶᠠᠪᠤᠳᠠᠯ ᠤᠨ ᠳᠦᠷᠢᠮ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ | ᠳᠦᠷᠢᠮ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠵᠡᠷᠭᠡ 4 ᠲᠠᠯ᠎ᠠ ᠶᠢ ᠠᠬᠢᠭᠤᠯᠬᠤ ᠲᠤᠬᠠᠢ | ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ 16 ᠭᠤᠣᠯᠳᠠᠯᠭ᠎ᠠ ᠪᠣᠯᠬᠤ | ᠥᠭᠡᠷᠡᠴᠢᠯᠡᠯᠲᠡ ᠶᠢᠨ ᠵᠦᠢᠯᠡᠰ ᠢ ᠳᠤᠷᠠᠳᠤᠨ ᠭᠠᠷᠭᠠᠵᠤ᠂ ᠨᠠᠮ ᠤᠨ ᠪᠠᠶᠢᠭᠤᠯᠤᠯᠲᠠ ᠶᠢᠨ ᠳᠦᠷᠢᠮ ᠤᠨ ᠰᠢᠨ᠎ᠡ ᠨᠢᠭᠡᠨ | ᠡᠭᠡᠯᠵᠢᠨ ᠤ ᠥᠭᠡᠷᠡᠴᠢᠯᠡᠯᠲᠡ ᠶᠢ ᠦᠳᠲᠡᠷ ᠲᠦᠷᠭᠡᠨ ᠡᠬᠢᠯᠡᠭᠦᠯᠵᠦ᠂ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃ | ᠤᠨᠤᠯ ᠢᠶᠠᠷ ᠵᠡᠪᠰᠡᠭᠯᠡᠬᠦ ᠲᠠᠯ᠎ᠠ ᠪᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ | ᠪᠠᠶᠢᠷᠢᠨ ᠳᠤ ᠲᠠᠯᠪᠢᠪᠠ᠃ ᠨᠠᠮ ᠤᠨ ᠰᠢᠨ᠎ᠡ ᠶᠢ ᠡᠭᠦᠳᠬᠦ ᠤᠨᠤᠯ ᠤᠨ ᠰᠤᠷᠤᠯᠴᠠᠯᠭ᠎ᠠ ᠶᠢᠨ ᠳᠦᠷᠢᠮ ᠢ ᠪᠦᠷᠢᠨᠰᠢᠭᠦᠯᠦᠨ᠂ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠳᠤᠷᠢᠳᠬᠤ ᠪᠠᠭ ᠤᠨ ᠨᠣᠮ | ᠤᠩᠰᠢᠬᠤ ᠠᠩᠭᠢ᠂ ︽ᠨᠢᠭᠡᠳᠦᠭᠡᠷ ᠵᠥᠪᠯᠡᠬᠦ ᠰᠡᠳᠦᠪ︾᠂ ᠲᠤᠰᠬᠠᠢ ᠰᠡᠳᠦᠪᠲᠦ ᠨᠠᠮ ᠤᠨ ᠬᠢᠴᠢᠶᠡᠯ ᠵᠡᠷᠭᠡ ᠶᠢᠨ | ᠳᠦᠷᠢᠮ ᠢ ᠨᠠᠶᠢᠳᠠᠪᠤᠷᠢᠵᠢᠭᠤᠯᠵᠤ᠂ ᠥᠨᠥ ᠵᠢᠯ ᠲᠢᠩᠬᠢᠮ ᠲᠣᠪᠴᠢᠶᠠᠨ ᠲᠡᠰ ᠤᠨ ᠺᠠᠳ᠋ᠷᠴᠤᠳ ᠢ ᠡᠭᠡᠯᠵᠢᠯᠡᠨ | ᠪᠣᠯᠪᠠᠰᠤᠷᠠᠭᠤᠯᠬᠤ ᠠᠩᠭᠢ ᠶᠢ 5 ᠬᠤᠭᠤᠴᠠᠭ᠎ᠠ ᠵᠠᠯᠭᠠᠭ᠎ᠠ ᠪᠠᠷ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷᠴᠤᠳ ᠢ ᠴᠥᠮ ᠪᠣᠯᠪᠠᠰᠤᠷᠠᠭᠤᠯᠬᠤ ᠶᠢ ᠪᠡᠶᠡᠯᠡᠭᠦᠯᠦᠨ᠂ | ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠥᠭᠡᠷᠡᠴᠢᠯᠡᠯᠲᠡ ᠬᠥᠭᠵᠢᠯᠲᠡ ᠶᠢᠨ ᠠᠬᠢᠭᠤᠯᠤᠭᠴᠢ ᠪᠣᠳᠠᠲᠠᠢ | ᠠᠵᠢᠯᠯᠠᠭᠴᠢ ᠪᠣᠯᠭᠠᠬᠤ ᠪᠠᠷ ᠴᠢᠷᠮᠠᠶᠢᠪᠠ᠃ | ᠺᠠᠳ᠋ᠷ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ | ᠲᠠᠯ᠎ᠠ ᠪᠠᠷ᠂ ᠺᠠᠳ᠋ᠷᠴᠤᠳ ᠤᠨ ᠳᠤᠷ᠎ᠠ ᠪᠠᠷ ᠦᠢᠯᠡᠳᠬᠦᠢ᠂ ᠦᠯᠦ ᠦᠢᠯᠡᠳᠬᠦᠢ᠂ ᠦᠢᠯᠡᠳᠬᠦᠢ ᠵᠣᠷᠢᠭ ᠦᠭᠡᠢ᠂ | ᠦᠢᠯᠡᠳᠬᠦᠢ ᠳᠤᠷ ᠴᠢᠳᠠᠮᠠᠭᠠᠢ ᠪᠤᠰᠤ ᠪᠠᠶᠢᠬᠤ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠡᠢ᠃ ᠠᠵᠢᠯ ᠤᠨ | ᠠᠮᠵᠢᠯᠲᠠ ᠶᠢᠨ ᠦᠵᠡᠯᠲᠡ ᠶᠢᠨ ᠵᠥᠷᠢᠶ᠎ᠡ ᠶᠢ ᠰᠡᠷᠭᠡᠶᠢᠯᠡᠬᠦ ᠪᠠ ᠵᠠᠯᠠᠷᠠᠭᠤᠯᠤᠨ ᠵᠠᠰᠠᠬᠤ ᠠᠵᠢᠯ ᠤᠨ ᠲᠣᠭᠲᠠᠴᠠ ᠶᠢ | ᠪᠦᠷᠢᠨᠰᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠠᠮᠵᠢᠯᠲᠠ ᠶᠢᠨ ᠰᠢᠯᠭᠠᠨ ᠬᠢᠨᠠᠬᠤ ᠶᠢ | ᠰᠠᠶᠢᠵᠢᠷᠠᠭᠤᠯᠵᠤ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠵᠢᠩᠬᠢᠨᠢ ᠠᠮᠵᠢᠯᠲᠠ ᠭᠠᠷᠭᠠᠯᠭᠠᠨ᠎ᠠ᠃ ᠪᠥᠬᠦ | ᠣᠷᠣᠨ ᠤ ᠣᠲᠣ ᠶᠢᠨ ᠲᠤᠰᠢᠶᠠᠯ ᠢᠶᠠᠨ ᠡᠭᠦᠷᠭᠡᠯᠡᠬᠦ ᠳᠤ ᠲᠣᠬᠢᠷᠠᠬᠤ ᠦᠭᠡᠢ 169 ᠺᠠᠳ᠋ᠷ ᠲᠤ ᠵᠣᠬᠢᠶᠠᠨ | ᠪᠠᠶᠢᠭᠤᠯᠤᠯᠲᠠ ᠶᠢᠨ ᠲᠣᠬᠢᠷᠠᠭᠤᠯᠤᠯᠲᠠ ᠬᠢᠵᠦ᠂ ᠴᠢᠳᠠᠪᠤᠷᠢ ᠲᠠᠢ ᠶᠢ ᠨᠢ ᠳᠡᠪᠰᠢᠭᠦᠯᠬᠦ᠂ ᠰᠢᠯᠢᠳᠡᠭ ᠢ ᠨᠢ ᠱᠠᠩᠨᠠᠬᠤ᠂ | ᠴᠢᠳᠠᠪᠤᠷᠢ ᠦᠭᠡᠢ ᠶᠢ ᠨᠢ ᠪᠠᠭᠤᠯᠭᠠᠬᠤ᠂ ᠰᠢᠭᠠᠷᠤ ᠶᠢ ᠨᠢ ᠰᠢᠭᠰᠢᠭᠳᠡᠭᠦᠯᠬᠦ ᠰᠠᠶᠢᠨ ᠰᠠᠶᠢᠬᠠᠨ ᠪᠠᠶᠢᠳᠠᠯ ᠲᠠᠢ ᠪᠣᠯᠬᠤ ᠶᠢ | ᠠᠬᠢᠭᠤᠯᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠯᠳᠠᠰᠢ ᠶᠢ ᠠᠭᠤᠴᠢᠯᠠᠬᠤ ᠪᠠ ᠵᠠᠯᠠᠷᠠᠭᠤᠯᠬᠤ 8 | ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠰᠢᠯᠭᠠᠷᠠᠭᠤᠯᠵᠤ ᠭᠠᠷᠭᠠᠭᠰᠠᠨ 199 ᠨᠡᠷᠡᠰ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ | ᠰᠠᠶᠢᠨ ᠺᠠᠳ᠋ᠷ︾ ᠳᠣᠲᠣᠷᠠᠬᠢ 157 ᠬᠥᠮᠥᠨ ᠢ ᠳᠡᠪᠰᠢᠭᠦᠯᠦᠭᠡᠳ ᠴᠢᠬᠤᠯᠠᠴᠢᠯᠠᠨ ᠬᠡᠷᠡᠭᠯᠡᠵᠦ᠂ ᠺᠠᠳ᠋ᠷᠴᠤᠳ ᠤᠨ | ᠥᠷᠢᠰᠦᠯᠳᠦᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠵᠠᠢ᠃ ᠵᠠᠯᠠᠭᠤ ᠺᠠᠳ᠋ᠷᠴᠤᠳ ᠤᠨ ︽ᠨᠢᠭᠡ | ᠵᠠᠭᠤ ᠭᠤᠷᠪᠠᠨ ᠮᠢᠩᠭᠠᠨ︾ ᠰᠢᠯᠢᠳᠡᠭ ᠴᠢᠳᠠᠪᠤᠷᠢᠲᠠᠨ ᠬᠥᠮᠥᠵᠢᠭᠦᠯᠦᠨ ᠪᠣᠶᠢᠵᠢᠭᠤᠯᠬᠤ ᠢᠨᠵᠧᠨᠧᠷᠢᠩ ᠢ | ᠬᠡᠷᠡᠭᠵᠢᠭᠦᠯᠵᠦ᠂ ᠺᠠᠳ᠋ᠷᠴᠤᠳ ᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠨᠢᠭᠡᠳᠦᠭᠡᠷ ᠹᠷᠣᠨᠲ ᠲᠤ ᠣᠴᠢᠭᠤᠯᠵᠤ | ᠪᠠᠶᠢᠭᠠᠳ ᠬᠥᠮᠥᠵᠢᠭᠦᠯᠦᠨ ᠪᠣᠯᠪᠠᠰᠤᠷᠠᠭᠤᠯᠵᠤ᠂ ᠺᠠᠳ᠋ᠷᠴᠤᠳ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠠᠪᠢᠶᠠᠰ ᠴᠢᠳᠠᠪᠤᠷᠢ ᠶᠢ ᠨᠢ ᠴᠢᠩᠭᠠᠷᠠᠭᠤᠯᠪᠠ᠃ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠲᠠᠯ᠎ᠠ ᠪᠠᠷ᠂ ︽ᠲᠠᠪᠤᠨ ᠪᠠᠬᠢᠯᠡᠯᠲᠡ︾ ᠶᠢ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠬᠦᠷᠢᠶ᠎ᠡ ᠡᠯ᠎ᠡ ᠱᠠᠲᠤ ᠳᠡᠰ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠠᠬᠢᠭᠤᠯᠪᠠ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠡᠳᠬᠦᠵᠦ ᠬᠥᠲᠥᠯᠥᠨ | ᠳᠠᠭᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠷᠳᠡᠮ ᠢᠶᠠᠨ ᠮᠥᠷᠥᠶᠢᠴᠡᠵᠦ ᠮᠠᠩᠯᠠᠢ | ᠪᠣᠯᠬᠤ ᠪᠠᠷ ᠴᠢᠷᠮᠠᠶᠢᠬᠤ︾ ᠵᠡᠷᠭᠡ 3 ᠵᠦᠢᠯ ᠤᠨ ᠠᠵᠢᠯᠯᠠᠭᠠᠨ ᠢ ᠬᠡᠷᠡᠭᠵᠢᠭᠦᠯᠵᠦ᠂ ᠰᠤᠯᠠ ᠳᠣᠷᠣᠢ ᠵᠠᠳᠠᠭᠠᠢ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠳᠠᠬᠢᠨ ᠳᠠᠪᠲᠠᠨ ᠵᠢᠭᠰᠠᠭᠠᠨ ᠪᠠᠶᠢᠴᠠᠭᠠᠵᠤ | ᠴᠡᠭᠴᠡᠯᠡᠭᠰᠡᠨ ᠪᠠᠶᠢᠨ᠎ᠠ᠃ ᠬᠤᠲᠠ ᠬᠥᠳᠡᠭᠡᠨ ᠤ ᠦᠨᠳᠦᠰᠦᠨ ᠱᠠᠲᠤᠨ ᠤ ᠵᠠᠰᠠᠯᠲᠠ ᠶᠢᠨ ᠲᠣᠭᠲᠠᠯᠴᠠᠭ᠎ᠠ ᠶᠢ | ᠲᠠᠰᠤᠷᠠᠯᠲᠠ ᠦᠭᠡᠢ ᠪᠦᠷᠢᠨᠰᠢᠭᠦᠯᠵᠦ᠂ ︽ᠤᠮᠠᠷᠠᠲᠤ ᠬᠢᠯᠢ ᠶᠢᠨ ᠬᠤᠪᠢᠰᠬᠠᠯᠲᠤ ᠲᠣᠣᠷᠵᠢᠯ ᠵᠠᠰᠠᠯᠲᠠ ᠶᠢᠨ | ᠦᠢᠯᠡᠴᠢᠯᠡᠭᠡᠨ ᠤ ᠠᠵᠢᠯ ᠤᠨ ᠵᠦᠭᠯᠡᠭᠦᠷ︾ ᠵᠡᠷᠭᠡ ᠶᠢ ᠲᠣᠭᠲᠠᠭᠠᠨ᠂ ᠲᠣᠣᠷᠵᠢᠯ ᠬᠠᠮᠢᠶᠠᠷᠤᠯᠲᠠ ᠪᠠ ᠨᠡᠶᠢᠭᠡᠮ | ᠲᠣᠭᠤᠷᠢᠭ ᠤᠨ ᠠᠵᠢᠯᠲᠠᠳ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠪᠠ᠃ ︽ᠴᠢᠳᠠᠯ ᠠᠴᠠ ᠨᠢ | ᠬᠡᠲᠦᠷᠡᠭᠦᠯᠵᠦ ᠪᠠᠶᠢᠭ᠎ᠠ︾ ᠲᠣᠪᠣᠶᠢᠮ᠎ᠠ ᠠᠰᠠᠭᠤᠳᠠᠯ ᠤᠳ ᠢ ᠲᠥᠪᠯᠡᠷᠡᠭᠦᠯᠦᠨ ᠴᠡᠭᠴᠡᠯᠡᠵᠦ ᠵᠠᠰᠠᠬᠤ ᠪᠡᠷᠬᠡ ᠰᠡᠳᠦᠪ ᠢ | ᠰᠢᠢᠳᠪᠦᠷᠢᠯᠡᠬᠦ ᠵᠡᠷᠭᠡ ᠪᠠᠷ ᠳᠠᠮᠵᠢᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠰᠤᠮᠤ ᠰᠢᠶᠠᠩ | ᠪᠠᠯᠭᠠᠰᠤ ᠵᠡᠭᠡᠯᠢ ᠭᠤᠳᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠢ ᠳᠤᠮᠳᠠᠴᠢ ᠪᠠᠷ 225 ᠵᠦᠢᠯ᠂ ᠭᠠᠴᠠᠭ᠎ᠠ | ᠲᠣᠰᠬᠤᠨ ᠨᠡᠶᠢᠭᠡᠮ ᠲᠣᠭᠤᠷᠢᠭ ᠤᠨ ᠠᠵᠢᠯ ᠤᠨ ᠶᠠᠪᠤᠳᠠᠯ ᠢ ᠳᠤᠮᠳᠠᠴᠢ ᠪᠠᠷ 60 ᠭᠠᠷᠤᠢ ᠵᠦᠢᠯ ᠴᠥᠭᠡᠳᠬᠡᠵᠦ᠂ | ᠦᠨᠳᠦᠰᠦᠨ ᠱᠠᠲᠤᠨ ᠠᠴᠠ ᠵᠢᠭᠡᠯᠡᠵᠦ ᠬᠡᠷᠡᠭᠯᠡᠭᠰᠡᠨ 1592 ᠬᠥᠮᠥᠨ ᠢ ᠠᠵᠢᠯ ᠤᠨ ᠪᠠᠶᠢᠷᠢᠨ ᠳᠤ ᠨᠢ ᠪᠤᠴᠠᠭᠠᠬᠤ ᠶᠢ | ᠰᠢᠮᠳᠠᠭᠤᠯᠪᠠ᠃ | ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠬᠤ ᠲᠠᠯ᠎ᠠ ᠪᠠᠷ᠂ ᠴᠢᠳᠠᠪᠤᠷᠢᠲᠠᠨ ᠤ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ︽ᠨᠢᠭᠡ ᠲᠥᠪ ᠳᠥᠷᠪᠡᠨ ᠬᠦᠷᠢᠶᠡᠯᠡᠩ ᠲᠣᠭᠤᠷᠢᠭ︾ ᠢᠶᠠᠨ ᠪᠠᠶᠢᠷᠢ | ᠵᠥᠷᠢᠭᠦᠯᠦᠨ ᠬᠥᠭᠵᠢᠭᠦᠯᠬᠦ ᠶᠢ ᠳᠡᠮᠵᠢᠵᠦ᠂ ᠬᠤᠸᠠᠢ ᠷᠧᠦ ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠳᠠᠬᠢ | ᠰᠠᠭᠤᠷᠢᠨ ᠭᠠᠵᠠᠷ ᠵᠡᠷᠭᠡ ᠶᠢᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠪᠡᠭᠡᠵᠢᠩ ᠥᠪᠥᠷ ᠮᠣᠩᠭᠤᠯ ᠤᠨ | ᠴᠢᠳᠠᠪᠤᠷᠢᠲᠠᠨ ᠤ ᠪᠠᠶᠢᠩᠭᠤ ᠶᠢᠨ ᠴᠢᠨᠠᠷᠲᠠᠢ ᠰᠣᠯᠢᠯᠴᠠᠭ᠎ᠠ ᠬᠠᠮᠵᠢᠯᠴᠠᠭᠠᠨ ᠤ ᠲᠣᠭᠲᠠᠴᠠ ᠶᠢ ᠪᠦᠷᠢᠨᠰᠢᠭᠦᠯᠪᠡ᠃ | ︽ᠬᠤᠶᠠᠷ ᠠᠵᠢᠯᠯᠠᠭᠠᠨ ᠭᠤᠷᠪᠠᠨ ᠢᠨᠵᠧᠨᠧᠷᠢᠩ︾ ᠢᠶᠠᠷ ᠵᠢᠯᠣᠭᠤᠳᠤᠮᠵᠢ ᠪᠣᠯᠭᠠᠵᠤ᠂ ᠳᠡᠭᠡᠳᠦ ᠲᠠᠰ ᠤᠨ | ᠴᠢᠳᠠᠪᠤᠷᠢᠲᠠᠳ ᠢ ᠣᠷᠣᠭᠤᠯᠤᠨ ᠠᠪᠴᠢᠷᠠᠭᠰᠠᠨ ᠪᠠ ᠬᠥᠮᠥᠵᠢᠭᠦᠯᠪᠡ᠃ ᠬᠥᠮᠥᠵᠢᠭᠦᠯᠵᠦ 5 ᠬᠥᠮᠥᠨ ᠨᠢ | ︽ᠡᠷᠳᠡᠮᠲᠡᠳ ᠢ ᠬᠥᠬᠢᠭᠦᠯᠬᠦ ᠬᠥᠬᠡᠮᠥ᠋ᠷᠡᠨ ᠲᠥᠯᠥᠪᠯᠡᠭᠡ︾ ᠪᠠᠷ ᠰᠣᠩᠭᠤᠭᠳᠠᠵᠤ᠂ ᠤᠯᠤᠰ ᠤᠨ ᠭᠠᠷᠮᠠᠭᠠᠢ | ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠲᠦᠷᠦᠯ ᠵᠦᠢᠯ ᠳᠤ 1 ᠬᠥᠮᠥᠨ ᠰᠣᠩᠭᠤᠭᠳᠠᠵᠤ᠂ | ᠤᠯᠤᠰ ᠤᠨ ᠭᠤᠣᠯᠳᠠᠯᠭ᠎ᠠ ᠪᠣᠯᠬᠤ ᠴᠢᠳᠠᠪᠤᠷᠢᠲᠠᠳ ᠢ ᠳᠡᠮᠵᠢᠬᠦ ᠲᠥᠯᠥᠪᠯᠡᠭᠡ ᠳᠤ 14 ᠬᠥᠮᠥᠨ ᠰᠣᠩᠭᠤᠭᠳᠠᠵᠤ᠂ | ᠤᠯᠤᠰ ᠤᠨ ᠭᠠᠷᠮᠠᠭᠠᠢ ᠢᠨᠵᠧᠨᠧᠷ ᠢᠶᠠᠷ 2 ᠬᠥᠮᠥᠨ ᠰᠣᠩᠭᠤᠭᠳᠠᠪᠠ᠃ | ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠪᠠᠰᠠ 4 ᠵᠦᠢᠯ ᠤᠨ ᠭᠤᠣᠯᠳᠠᠯᠭ᠎ᠠ ᠪᠣᠯᠬᠤ ᠥᠭᠡᠷᠡᠴᠢᠯᠡᠯᠲᠡ ᠶᠢᠨ ᠳᠦᠷᠢᠮ ᠤᠨ ᠪᠢᠴᠢᠭ ᠮᠠᠲ᠋ᠧᠷᠢᠶᠠᠯ | ᠨᠡᠶᠢᠲᠡᠯᠡᠪᠡ᠂ ᠲᠡᠳᠡᠭᠡᠷ ᠲᠤ ᠠᠯᠪᠠᠲᠠᠨ ᠤ ᠲᠤᠰᠢᠶᠠᠯ ᠬᠢᠭᠡᠳ ᠲᠤᠰᠢᠶᠠᠯ ᠤᠨ ᠲᠠᠰ ᠢ ᠵᠡᠷᠭᠡ ᠪᠠᠷ ᠬᠡᠷᠡᠭᠵᠢᠭᠦᠯᠬᠦ | ᠲᠣᠭᠲᠠᠭᠠᠯ ᠢ ᠨᠠᠶᠢᠳᠠᠪᠤᠷᠢᠵᠢᠭᠤᠯᠬᠤ᠂ ᠲᠤᠰᠬᠠᠢ ᠮᠡᠷᠭᠡᠵᠢᠯ ᠤᠨ ᠲᠥᠷᠥᠯ ᠤᠨ ᠠᠯᠪᠠᠲᠠᠨ ᠢ ᠲᠥᠷᠥᠯ ᠬᠤᠪᠢᠶᠠᠨ | ᠬᠠᠮᠢᠶᠠᠷᠬᠤ᠂ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠠᠷᠭ᠎ᠠ ᠶᠢ ᠨᠡᠶᠢᠲᠡᠯᠡᠬᠦ᠂ | ᠪᠠᠶᠢᠭᠤᠯᠭ᠎ᠠ ᠶᠢᠨ ᠰᠤᠷᠲᠠᠯ ᠢ ᠰᠠᠶᠢᠵᠢᠷᠠᠭᠤᠯᠬᠤ ᠵᠡᠷᠭᠡ ᠶᠢ ᠪᠠᠭᠲᠠᠭᠠᠪᠠ᠃ | ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠳᠤᠪᠤᠶᠢᠯᠭᠠᠵᠦ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠪᠠ | 11 ᠳ᠋ᠦ᠋ᠭᠡᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠤᠶ᠎ᠠ︾ ᠭᠤᠣᠯ ᠰᠡᠳᠦᠪᠲᠦ ᠬᠤᠶᠠᠳᠤᠭᠠᠷ ᠲᠠᠯᠠᠪᠤᠷ ᠤᠨ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ︱ | ︽ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠲᠤᠰᠬᠠᠢ ᠲᠠᠯᠠᠪᠤᠷ ᠤᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠠᠴᠠ | ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ | ᠭᠦᠨᠵᠡᠭᠡᠶᠢᠷᠡᠭᠦᠯᠦᠭᠰᠡᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠪᠠᠨ ᠲᠠᠨᠢᠯᠴᠠᠭᠤᠯᠪᠠ᠃ | ᠥᠪᠥᠷ ᠮᠣᠩᠭᠤᠯ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠱᠠᠭᠠᠷᠳᠠᠯᠭ᠎ᠠ ᠯᠤᠭ᠎ᠠ | ᠨᠢᠭᠲᠠ ᠤᠶᠠᠯᠳᠤᠭᠤᠯᠵᠤ᠂ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠂ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠬᠥᠭᠵᠢᠯᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠬᠤ ᠪᠠᠷ ᠳᠠᠮᠵᠢᠭᠤᠯᠵᠤ᠂ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠬᠥᠭᠵᠢᠯᠲᠡ ᠶᠢ ᠪᠠᠲᠤᠯᠠᠨ ᠳᠡᠮᠵᠢᠬᠦ ᠡᠷᠴᠢᠮ ᠢᠶᠠᠨ ᠴᠢᠩᠭᠠᠷᠠᠭᠤᠯᠪᠠ᠃ ᠣᠳᠣᠬᠠᠨ ᠪᠣᠯᠲᠠᠯ᠎ᠠ᠂ | ᠠᠰᠠᠭᠤᠳᠠᠯ ᠢ ᠰᠢᠢᠳᠪᠦᠷᠢᠯᠡᠬᠦ᠂ ᠬᠠᠷᠢᠯᠴᠠᠵᠤ ᠦᠢᠯᠡᠴᠢᠯᠡᠬᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ᠂ | ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠬᠤ ᠳᠥᠷᠪᠡᠨ ᠠᠵᠢᠯ ᠤᠨ ᠲᠣᠭᠲᠠᠯᠴᠠᠭ᠎ᠠ ᠶᠢ ᠪᠠᠶᠢᠭᠤᠯᠪᠠ᠃ | ᠥᠪᠡᠷᠲᠡᠭᠡᠨ ᠵᠠᠰᠠᠬᠤ ᠣᠷᠣᠨ ᠠᠴᠠ ᠥᠪᠥᠷ ᠮᠣᠩᠭᠤᠯ ᠤᠨ ᠣᠨᠴᠠᠯᠢᠭᠲᠤ ᠳᠠᠪᠠᠭᠤᠯᠢᠭ ᠢ ᠬᠠᠷᠠᠭᠤᠯᠤᠭᠰᠠᠨ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠣᠭᠲᠠᠴᠠ ᠪᠠᠨ ᠲᠦᠷᠭᠡᠳᠬᠡᠨ ᠲᠡᠭᠦᠯᠳᠡᠷᠵᠢᠭᠦᠯᠪᠡ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ︽1+7︾ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ | ᠨᠠᠶᠢᠳᠠᠪᠤᠷᠢᠵᠢᠭᠤᠯᠤᠨ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ ᠠᠬᠢᠭᠤᠯᠵᠤ᠂ ︽ᠬᠠᠮᠢᠶᠠᠷᠤᠯᠲᠠ ᠶᠢᠨ ᠵᠥᠪᠯᠡᠯ + | ᠺᠣᠮᠫᠠᠨᠢ︾ ᠶᠢᠨ ᠬᠡᠪ ᠵᠠᠭᠪᠤᠷ ᠢ ᠢᠳᠡᠪᠬᠢᠲᠡᠢ ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠪᠡ᠃ 1 – 9 ᠳ᠋ᠦ᠋ᠭᠡᠷ ᠰᠠᠷ᠎ᠠ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.2% ᠢᠶᠠᠷ ᠨᠡᠮᠡᠭᠳᠡᠵᠦ᠂ ᠪᠥᠬᠦ | ᠵᠢᠯ ᠤᠨ 7% ᠶᠢᠨ ᠵᠢᠱᠢᠭᠰᠡᠨ ᠬᠠᠷᠠᠯᠲᠠ ᠠᠴᠠ ᠥᠨᠳᠥᠷ ᠪᠣᠯᠪᠠ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ | 12.2% ᠢᠶᠠᠷ ᠨᠡᠮᠡᠭᠳᠡᠨ᠂ ᠪᠡᠯᠡ ᠣᠷᠣᠭᠤᠯᠤᠯᠲᠠ ᠶᠢᠨ ᠵᠣᠭᠤᠰᠤᠨ ᠤ ᠲᠤᠭ᠎ᠠ ᠨᠢ ᠵᠢᠯ ᠤᠨ ᠲᠥᠯᠥᠪᠯᠡᠭᠡ ᠶᠢᠨ ᠢᠶᠠᠨ | 82.4% ᠶᠢ ᠪᠡᠶᠡᠯᠡᠭᠦᠯᠪᠡ᠃ | ᠡᠳ᠋ ᠤᠨ ᠵᠠᠰᠠᠭ ᠤᠨ ᠬᠦᠷᠢᠶᠡᠨ ᠳᠤ᠂ ᠥᠪᠥᠷ ᠮᠣᠩᠭᠤᠯ ᠪᠠᠭᠤᠯᠭᠠᠬᠤ ᠶᠣᠰᠣᠲᠠᠢ ᠶᠢ ᠨᠢ ᠪᠦᠬᠦᠨ ᠢ | ᠪᠠᠭᠤᠯᠭᠠᠬᠤ ᠵᠠᠷᠴᠢᠮ ᠶᠣᠰᠣᠭᠠᠷ᠂ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠳᠠᠬᠢ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠᠨ ᠲᠦᠯᠬᠢᠨ ᠠᠬᠢᠭᠤᠯᠵᠤ᠂ ᠡᠳ᠋ ᠬᠥᠷᠥᠩᠭᠡ ᠶᠢᠨ ᠬᠢᠨᠠᠨ | ᠵᠥᠪᠰᠢᠶᠡᠷᠡᠬᠦ ᠡᠷᠬᠡ ᠶᠢᠨ ᠬᠢᠵᠠᠭᠠᠷ ᠢ ᠠᠭᠤᠵᠢᠭᠤ ᠪᠣᠯᠭᠠᠪᠠ᠃ ᠡᠭᠦᠨ ᠤ ᠬᠠᠮᠲᠤ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠮᠢᠶᠠᠷᠤᠯᠲᠠ ᠶᠢ ᠰᠢᠯᠢᠳᠡᠭᠵᠢᠭᠦᠯᠵᠦ᠂ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠶᠢ | ᠬᠢᠨᠠᠨ ᠵᠥᠪᠰᠢᠶᠡᠷᠡᠬᠦ ᠴᠤᠪᠤᠷᠠᠯ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠰᠢᠯᠢᠳᠡᠭᠵᠢᠭᠦᠯᠦᠨ᠂ ᠰᠢᠨᠵᠢᠯᠡᠬᠦ | ᠤᠬᠠᠭᠠᠨ ᠤ ᠰᠤᠳᠤᠯᠭᠠᠨ ᠤ ᠵᠠᠷᠤᠳᠠᠯ ᠢ ᠬᠡᠷᠡᠭᠯᠡᠬᠦ ᠲᠠᠯ᠎ᠠ ᠪᠠᠷ ᠬᠢ ᠡᠵᠡ ᠮᠡᠳᠡᠬᠦ ᠡᠷᠬᠡ ᠶᠢ ᠤᠯᠠᠮ ᠨᠢᠭᠡ ᠠᠯᠬᠤᠮ | ᠥᠷᠭᠡᠳᠬᠡᠵᠦ᠂ ᠪᠡᠯᠡ ᠮᠥᠩᠭᠦ ᠶᠢᠨ ᠲᠣᠭᠠᠴᠠᠭ᠎ᠠ ᠬᠢᠬᠦ ᠠᠰᠢᠭᠯᠠᠮᠵᠢ ᠶᠢ ᠳᠡᠭᠡᠭᠰᠢᠯᠡᠭᠦᠯᠪᠡ᠃ | ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠲᠤᠰᠬᠠᠶᠢᠵᠢᠯᠲᠠ᠂ ᠪᠠᠷᠢᠮᠵᠢᠶᠠᠵᠢᠯᠲᠠ᠂ ᠬᠡᠪᠴᠢᠶᠡᠵᠢᠯᠲᠡ ᠪᠠ ᠪᠣᠬᠢᠷᠲᠤᠯ | ᠦᠭᠡᠶᠢᠵᠢᠯᠲᠡ ᠶᠢ ᠬᠦᠴᠦᠯᠡᠨ ᠳᠡᠭᠡᠭᠰᠢᠯᠡᠭᠦᠯᠵᠦ᠂ ︽ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ᠂ ᠲᠠᠷᠢᠶᠠᠯᠠᠩ | ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠥᠬᠦ ᠭᠤᠭᠴᠤᠭ᠎ᠠ ᠪᠥᠬᠦ ᠬᠡᠯᠬᠢᠶ᠎ᠡ ᠶᠢ ᠬᠠᠮᠤᠷᠤᠭᠰᠠᠨ ᠨᠡᠶᠢᠭᠡᠮᠴᠢᠯᠡᠭᠰᠡᠨ | ᠦᠢᠯᠡᠴᠢᠯᠡᠭᠡᠨ ᠤ ᠲᠣᠭᠲᠠᠯᠴᠠᠭ᠎ᠠ︾ ᠶᠢ ᠲᠦᠷᠭᠡᠳᠬᠡᠨ ᠪᠠᠶᠢᠭᠤᠯᠵᠤ᠂ ᠣᠳᠣᠬᠠᠨ ᠪᠣᠯᠲᠠᠯ᠎ᠠ᠂ ᠪᠥᠬᠦ ᠣᠷᠣᠨ ᠤ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠨᠢᠭᠡᠨᠲᠡ 3000 ᠲᠦᠮᠡᠨ ᠮᠦ ᠳᠤ ᠬᠦᠷᠴᠦ᠂ ᠮᠠᠯ | ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠨᠢᠭᠡᠨᠲᠡ ᠪᠥᠬᠦ ᠣᠷᠣᠨ ᠤ 70% ᠶᠢᠨ ᠦᠬᠡᠷ ᠬᠤᠨᠢ | ᠲᠡᠵᠢᠭᠡᠨ ᠦᠷᠡᠵᠢᠭᠦᠯᠵᠦ ᠪᠠᠶᠢᠭ᠎ᠠ ᠶᠢ ᠬᠠᠮᠤᠷᠪᠠ᠃ | ᠭᠠᠳᠠᠭᠠᠳᠤ ᠨᠡᠭᠡᠭᠡᠯᠲᠡ ᠶᠢᠨ ᠲᠠᠯ᠎ᠠ ᠪᠠᠷ᠂ ᠥᠪᠥᠷ ᠮᠣᠩᠭᠤᠯ ᠬᠢᠯᠢ ᠶᠢᠨ ᠪᠣᠭᠤᠮᠲᠠ ᠶᠢᠨ ᠣᠶᠤᠨᠴᠢᠯᠠᠭᠰᠠᠨ | ᠪᠦᠲᠦᠭᠡᠨ ᠪᠠᠶᠢᠭᠤᠯᠤᠯᠲᠠ ᠶᠢ ᠬᠢᠯᠢ ᠶᠢᠨ ᠪᠣᠭᠤᠮᠲᠠ ᠶᠢᠨ ᠪᠣᠭᠤᠮᠲᠠ ᠪᠠᠷ ᠣᠷᠣᠭᠤᠯᠵᠤ ᠭᠠᠷᠭᠠᠬᠤ ᠬᠦᠷᠢᠶᠡᠨ ᠳᠠᠬᠢ | ᠥᠭᠡᠷᠡᠴᠢᠯᠡᠯᠲᠡ ᠶᠢᠨ ᠴᠢᠬᠤᠯᠠ ᠵᠦᠢᠯᠡᠰ ᠪᠣᠯᠭᠠᠪᠠ᠃ ᠡᠨᠡ ᠵᠢᠯ ᠤᠨ 10 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ | ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨᠲᠤ ᠬᠢᠯᠢ ᠶᠢᠨ ᠪᠣᠭᠤᠮᠲᠠ ᠶᠢᠨ ᠪᠦᠲᠦᠭᠡᠨ | ᠪᠠᠶᠢᠭᠤᠯᠤᠯᠲᠠ ᠶᠢᠨ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠶᠠᠪᠤᠭᠤᠯᠵᠤ᠂ ᠬᠢᠯᠢ ᠶᠢᠨ ᠪᠣᠭᠤᠮᠲᠠ ᠶᠢᠨ | ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠡᠷᠢᠶᠡᠨ ᠬᠤᠳᠠ᠂ ᠭᠠᠭᠴᠠᠮᠣᠳᠤ᠂ ᠮᠠᠨᠳᠤᠯ᠂ | ᠵᠡᠭᠦᠨ ᠬᠠᠲᠠᠪᠴᠢ ᠵᠡᠷᠭᠡ ᠬᠢᠯᠢ ᠶᠢᠨ ᠪᠣᠭᠤᠮᠲᠠ ᠨᠢ ᠣᠶᠤᠨᠲᠤ ᠪᠣᠭᠤᠮᠲᠠ ᠶᠢᠨ ᠴᠡᠭ ᠢ ᠪᠦᠲᠦᠭᠡᠨ ᠪᠠᠶᠢᠭᠤᠯᠤᠨ | ᠬᠡᠷᠡᠭᠯᠡᠵᠦ᠂ ᠰᠢᠯᠭᠠᠨ ᠭᠡᠷᠡᠴᠢᠯᠡᠬᠦ ᠴᠠᠭ ᠢ 50% ᠣᠷᠴᠢᠮ ᠢᠶᠠᠷ ᠪᠠᠭᠠᠰᠬᠠᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠨᠢ ᠠᠵᠤ ᠠᠬᠤᠶᠢᠯᠠᠯ ᠢ ᠬᠢᠨᠠᠨ ᠬᠠᠮᠢᠶᠠᠷᠬᠤ ᠠᠵᠢᠯ ᠳᠤᠮᠳᠠ ᠪᠠᠨ ᠠᠯᠳᠠᠭᠳᠠᠯ ᠲᠠᠢ | ᠠᠵᠤ ᠠᠬᠤᠶᠢᠯᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠠᠯᠳᠠᠭᠳᠠᠯ ᠢ ᠪᠠᠭᠠᠰᠬᠠᠵᠤ ᠠᠯᠳᠠᠭᠳᠠᠯ ᠢ ᠵᠠᠰᠠᠬᠤ ᠠᠵᠢᠯ ᠢᠶᠠᠨ ᠭᠦᠨᠵᠡᠭᠡᠢ ᠠᠬᠢᠭᠤᠯᠪᠠ᠃ 9 ᠳ᠋ᠦ᠋ᠭᠡᠷ ᠰᠠᠷ᠎ᠠ ᠶᠢᠨ | ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠲᠤᠰᠠᠭᠠᠷ ᠲᠣᠭᠠᠴᠠᠭ᠎ᠠ ᠬᠢᠬᠦ ᠳᠠᠭᠠᠯᠲᠠ ᠠᠵᠤ | ᠠᠬᠤᠶᠢᠯᠠᠯ ᠤᠨ ᠠᠯᠳᠠᠭᠳᠠᠯ ᠤᠨ ᠬᠡᠪᠴᠢᠶ᠎ᠡ 21.4% ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ 9.9 ᠵᠠᠭᠤᠨ ᠤ ᠴᠡᠭ ᠢᠶᠠᠷ ᠪᠠᠭᠤᠷᠠᠪᠠ︔ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠯᠳᠠᠭᠳᠠᠯ ᠲᠠᠢ | 11 ᠳᠠᠭᠠᠯᠲᠠ ᠠᠵᠤ ᠠᠬᠤᠶᠢᠯᠠᠯ ᠤᠨ 3 ᠨᠢ ᠠᠰᠢᠭ ᠣᠯᠵᠠᠪᠤᠷᠢ ᠲᠠᠢ ᠪᠣᠯᠵᠤ᠂ 4 ᠨᠢ ᠠᠯᠳᠠᠭᠳᠠᠯ ᠢᠶᠠᠨ | ᠪᠠᠭᠠᠰᠬᠠᠭᠠᠳ᠂ ᠨᠡᠶᠢᠲᠡ 2.4 ᠳ᠋ᠦᠩᠰᠢᠭᠤᠷ ᠲᠥᠭᠦᠷᠢᠭ ᠠᠯᠳᠠᠭᠳᠠᠯ ᠢᠶᠠᠨ ᠪᠠᠭᠠᠰᠬᠠᠪᠠ᠃ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ | ᠲᠣᠭᠲᠠᠴᠠ ᠶᠢ ᠨᠢᠭᠡ ᠴᠣᠭᠴᠠᠵᠢᠭᠤᠯᠤᠨ ᠥᠭᠡᠷᠡᠴᠢᠯᠡᠬᠦ ᠶᠢ ᠭᠦᠨᠵᠡᠭᠡᠶᠢᠷᠡᠭᠦᠯᠵᠦ ᠰᠢᠨ᠎ᠡ ᠡᠭᠦᠳᠦᠯᠲᠡ ᠶᠢᠨ | ᠲᠣᠭᠲᠠᠯᠴᠠᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ | 11 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠤᠣᠯ | ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ - ︽ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠤᠨ ᠥᠭᠡᠷᠡᠴᠢᠯᠡᠬᠦ ᠶᠢ | ᠭᠦᠨᠵᠡᠭᠡᠶᠢᠷᠡᠭᠦᠯᠵᠦ ᠰᠢᠨ᠎ᠡ ᠡᠭᠦᠳᠦᠯᠲᠡ ᠶᠢᠨ ᠲᠣᠭᠲᠠᠯᠴᠠᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠶ᠎ᠡ︾ ᠭᠡᠬᠦ | ᠲᠤᠰᠬᠠᠢ ᠲᠠᠯᠠᠪᠤᠷ ᠤᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠪᠠ ᠦᠷ᠎ᠡ | ᠪᠦᠲᠦᠮᠵᠢ ᠶᠢ ᠲᠠᠨᠢᠯᠴᠠᠭᠤᠯᠪᠠ᠃ | ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠬᠦ ᠶᠢᠨ ᠲᠣᠭᠤᠷᠢᠨ ᠳᠤ᠂ ᠥᠪᠥᠷ ᠮᠣᠩᠭᠤᠯ ᠴᠢᠳᠠᠪᠤᠷᠢᠲᠠᠨ ᠢ ᠬᠥᠮᠥᠵᠢᠭᠦᠯᠬᠦ᠂ ᠲᠥᠪᠯᠡᠷᠡᠭᠦᠯᠬᠦ᠂ | ᠦᠨᠡᠯᠡᠬᠦ᠂ ᠪᠠᠲᠤᠯᠠᠬᠤ ᠵᠡᠷᠭᠡ ᠵᠠᠩᠭᠢᠯᠠᠭ᠎ᠠ ᠶᠢᠨ ᠭᠤᠭᠴᠣᠭᠠᠨ ᠳᠤ ᠠᠩᠬᠠᠷᠤᠯ ᠢᠶᠠᠨ ᠲᠥᠪᠯᠡᠷᠡᠭᠦᠯᠦᠨ ᠲᠥᠷᠥ ᠶᠢᠨ | ᠪᠣᠳᠣᠯᠭ᠎ᠠ ᠶᠢ ᠣᠨᠣᠴᠠᠲᠠᠢ ᠬᠡᠷᠡᠭᠵᠢᠭᠦᠯᠪᠡ᠃ ᠴᠢᠳᠠᠪᠤᠷᠢᠲᠠᠨ ᠤ ᠦᠢᠯᠡᠴᠢᠯᠡᠭᠡ ᠪᠠᠲᠤᠯᠠᠭ᠎ᠠ ᠶᠢᠨ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠪᠣᠳᠠᠲᠠᠶᠢᠵᠢᠭᠤᠯᠵᠤ᠂ ᠣᠷᠣᠭᠤᠯᠤᠨ ᠠᠪᠴᠢᠷᠠᠬᠤ᠂ ᠬᠥᠮᠥᠵᠢᠭᠦᠯᠬᠦ᠂ | ᠣᠯᠭᠤᠮᠵᠢ ᠶᠢᠨ ᠪᠠᠲᠤᠯᠠᠭ᠎ᠠ ︽ᠭᠤᠷᠪᠠ ᠶᠢ ᠨᠢᠭᠡᠳᠬᠡᠬᠦ︾ ᠶᠢ ᠪᠡᠶᠡᠯᠡᠭᠦᠯᠦᠭᠰᠡᠨ ᠤ ᠬᠠᠮᠲᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠳᠦᠷᠢᠮ ᠢ ᠲᠡᠭᠦᠯᠳᠡᠷᠵᠢᠭᠦᠯᠬᠦ᠂ ᠠᠵᠤ ᠦᠢᠯᠡᠰ ᠪᠠ ᠰᠤᠷᠭᠠᠨ ᠬᠥᠮᠦᠵᠢᠯ ᠴᠢᠳᠠᠪᠤᠷᠢᠲᠠᠨ ᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠵᠡᠷᠭᠡ 17 ᠵᠦᠢᠯ ᠤᠨ ᠭᠤᠣᠯᠳᠠᠯᠭ᠎ᠠ ᠪᠣᠯᠬᠤ | ᠥᠭᠡᠷᠡᠴᠢᠯᠡᠯᠲᠡ ᠶᠢᠨ ᠡᠭᠦᠷᠭᠡ ᠶᠢᠨ ᠲᠣᠭᠤᠷᠢᠨ ᠳᠤ᠂ ᠬᠠᠮᠢᠶ᠎ᠠ ᠪᠦᠬᠦᠢ ᠭᠠᠵᠠᠷ ᠣᠷᠣᠨ ᠨᠢᠭᠡᠴᠢ ᠨᠦᠭᠦᠳ ᠤᠨ | ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ᠂ ᠤᠷᠢᠳᠴᠢᠯᠠᠨ ᠰᠦᠪᠡᠭᠴᠢᠯᠡᠬᠦ ᠶᠢ ᠠᠬᠢᠭᠤᠯᠪᠠ᠃ | ᠡᠭᠦᠨ ᠠᠴᠠ ᠭᠠᠳᠠᠨ᠎ᠠ᠂ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠵᠢᠴᠢ ᠪᠦᠯᠬᠦᠮ ᠨᠡᠶᠢᠲᠡ ᠶᠢ | ᠬᠥᠲᠥᠯᠥᠨ ᠬᠥᠮᠥᠵᠢᠭᠦᠯᠵᠦ᠂ ᠴᠢᠳᠠᠪᠤᠷᠢᠲᠠᠨ ᠤ ᠦᠢᠯᠡᠴᠢᠯᠡᠭᠡᠨ ᠤ ︽ᠨᠢᠭᠡ ᠺᠣᠳ᠋ ᠢᠶᠠᠷ ᠨᠡᠪᠲᠡᠷᠡᠬᠦ︾ ᠲᠣᠭᠲᠠᠯᠴᠠᠭ᠎ᠠ ᠶᠢ | ᠪᠣᠶ ᠪᠣᠯᠭᠠᠵᠤ᠂ ᠺᠣᠳ᠋ ᠣᠯᠭᠤᠭᠰᠠᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠷ᠎ᠡ ᠬᠡᠦᠬᠡᠳ ᠨᠢ | ᠰᠤᠷᠭᠠᠭᠤᠯᠢ ᠳᠤ ᠰᠣᠷᠣᠯᠴᠠᠬᠤ᠂ ᠡᠮᠴᠢᠯᠡᠭᠡ ᠡᠷᠡᠭᠦᠯᠵᠢᠯ ᠵᠡᠷᠭᠡ ᠲᠠᠯ᠎ᠠ ᠪᠠᠷ ᠬᠦᠨᠳᠦᠳᠬᠡᠬᠦ ᠪᠠ ᠳᠥᠭᠦᠮᠯᠡᠬᠦ | ᠦᠢᠯᠡᠴᠢᠯᠡᠭᠡ ᠬᠠᠩᠭᠠᠨ᠎ᠠ᠃ | ᠥᠪᠥᠷ ᠮᠣᠩᠭᠤᠯ ᠴᠢᠳᠠᠪᠤᠷᠢᠲᠠᠨ ᠢ ᠦᠨᠡᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠯᠢᠳᠡᠭ᠂ ᠳᠠᠯᠳᠠ | ᠬᠦᠴᠦᠨ ᠪᠦᠬᠦᠢ ᠨᠡᠩ ᠣᠯᠠᠨ ᠴᠢᠳᠠᠪᠤᠷᠢᠲᠠᠨ ᠢ ᠦᠢᠯᠡᠴᠢᠯᠡᠭᠡᠨ ᠤ ᠪᠠᠲᠤᠯᠠᠭ᠎ᠠ ᠪᠠ ᠭᠤᠣᠯᠳᠠᠯᠭ᠎ᠠ ᠲᠠᠢ ᠳᠡᠮᠵᠢᠬᠦ | ᠬᠡᠪᠴᠢᠶᠡᠨ ᠳᠤ ᠣᠷᠣᠭᠤᠯᠪᠠ᠂ ᠡᠨᠡ ᠵᠢᠯ ᠠᠴᠠ ᠡᠬᠢᠯᠡᠨ᠂ ᠥᠪᠥᠷ ᠮᠣᠩᠭᠤᠯ ᠣᠷᠣᠭᠤᠯᠤᠨ ᠠᠪᠴᠢᠷᠠᠭᠰᠠᠨ ᠳᠡᠭᠡᠳᠦ | ᠲᠡᠰ ᠤᠨ ᠴᠢᠳᠠᠪᠤᠷᠢᠲᠠᠨ ᠢ ︽ᠬᠠᠮ ᠬᠦᠴᠦᠨ ᠵᠦᠢᠯ ᠲᠠᠢ ᠲᠠᠲᠠᠨ ᠠᠪᠴᠢᠷᠠᠬᠤ︾ ᠪᠤᠶᠤ ᠲᠤᠰ ᠭᠠᠵᠠᠷ ᠲᠤ ᠨᠠᠶᠢᠳᠠᠨ | ᠪᠦᠯᠬᠦᠮ ᠵᠣᠬᠢᠶᠠᠨ ᠪᠠᠶᠢᠭᠤᠯᠬᠤ ᠶᠢ ᠨᠢ ᠳᠡᠮᠵᠢᠨ᠎ᠡ᠃ ᠵᠢᠯ ᠪᠦᠷᠢ ᠲᠤᠰ ᠭᠠᠵᠠᠷ ᠣᠷᠣᠨ ᠤ ᠨᠢᠭᠡ ᠠᠴᠠ ᠵᠢᠷᠭᠤᠳᠤᠭᠠᠷ | ᠲᠥᠷᠥᠯ ᠤᠨ ᠴᠢᠳᠠᠪᠤᠷᠢᠲᠠᠨ ᠢᠶᠠᠷ ᠲᠡᠷᠢᠭᠦᠯᠡᠭᠰᠡᠨ 50 ᠨᠡᠷᠡᠰ ᠣᠷᠴᠢᠮ ᠤᠨ ᠪᠦᠯᠬᠦᠮ ᠨᠡᠶᠢᠲᠡ ᠶᠢ ᠰᠣᠩᠭᠤᠨ | ᠬᠥᠮᠥᠵᠢᠭᠦᠯᠵᠦ᠂ ᠵᠣᠬᠢᠬᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠦᠵᠡᠭᠦᠯᠬᠦ ᠶᠢᠨ ᠬᠠᠮᠲᠤ᠂ | ᠬᠥᠮᠥᠨ ᠬᠡᠷᠡᠭᠯᠡᠬᠦ ᠨᠢᠭᠡᠴᠢ ᠪᠣᠯᠣᠨ ᠴᠢᠳᠠᠪᠤᠷᠢᠲᠠᠨ ᠳᠤ ᠤᠯᠠᠮ ᠨᠢᠭᠡ ᠠᠯᠬᠤᠮ ᠡᠷᠬᠡ ᠣᠯᠭᠤᠨ ᠴᠢᠯᠦᠭᠡᠲᠡᠢ | ᠪᠠᠶᠢᠯᠭᠠᠨ᠎ᠠ᠃ | ᠥᠪᠥᠷ ᠮᠣᠩᠭᠤᠯ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠶᠢᠨ ᠭᠤᠣᠯ ᠴᠣᠭᠴᠠ ᠪᠣᠯᠬᠤ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ | ᠠᠬᠤᠶᠢᠯᠠᠯ ᠤᠨ ᠰᠢᠨ᠎ᠡ ᠡᠭᠦᠳᠦᠯᠲᠡ ᠶᠢᠨ ᠬᠤᠯᠪᠣᠭᠠᠲᠤ ᠴᠣᠭᠴᠠ ᠪᠠᠶᠢᠭᠤᠯᠬᠤ ᠶᠢ ᠨᠢ ᠳᠡᠮᠵᠢᠨ᠎ᠡ᠃ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡᠳᠬᠡᠯ ᠮᠥᠩᠭᠦᠨ ᠤ ᠳᠦᠷᠢᠮ ᠪᠠᠶᠢᠭᠤᠯᠬᠤ ᠶᠢ ᠠᠬᠢᠭᠤᠯᠵᠤ᠂ ᠲᠥᠷᠥᠯ | ᠬᠤᠪᠢᠶᠠᠨ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠪᠠᠶᠢᠭᠠᠳ ᠠᠵᠤ | ᠠᠬᠤᠶᠢᠯᠠᠯ ᠤᠨ ᠬᠢᠨ ᠤ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠨᠢ ᠵᠣᠷᠢᠭᠵᠢᠭᠤᠯᠤᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ | ᠠᠬᠤᠶᠢᠯᠠᠯ ᠤᠨ ᠱᠠᠲᠤᠯᠠᠨ ᠪᠣᠶᠢᠵᠢᠬᠤ ᠲᠣᠭᠲᠠᠴᠠ ᠶᠢ ᠪᠦᠷᠢᠨᠰᠢᠭᠦᠯᠦᠨ᠎ᠡ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠳ ᠤᠨ ᠵᠠᠬ᠎ᠠ ᠳᠡᠯᠭᠡᠭᠦᠷᠴᠢᠯᠡᠭᠰᠡᠨ ᠠᠯᠤᠰ ᠢᠷᠡᠭᠡᠳᠦᠢ ᠲᠠᠢ | ᠲᠤᠰᠬᠠᠢ ᠠᠰᠢᠭ ᠤᠨ ᠮᠡᠷᠭᠡᠵᠢᠯ ᠰᠢᠯᠢᠨ ᠰᠣᠩᠭᠤᠬᠤ ᠶᠢ ᠨᠢ ᠵᠣᠷᠢᠭᠵᠢᠭᠤᠯᠵᠤ᠂ ᠲᠤᠰᠬᠠᠢ ᠠᠰᠢᠭ ᠤᠨ ᠨᠡᠭᠡᠭᠡᠯᠲᠡ | ᠬᠢᠬᠦ ᠵᠥᠪᠰᠢᠶᠡᠷᠡᠯ᠂ ᠤᠷᠢᠳ ᠢᠶᠠᠷ ᠬᠡᠷᠡᠭᠯᠡᠵᠦ ᠳᠠᠷᠠᠭ᠎ᠠ ᠨᠢ ᠰᠦᠢᠳᠬᠡᠯ ᠲᠤᠰᠢᠶᠠᠬᠤ ᠵᠡᠷᠭᠡ ᠠᠷᠭ᠎ᠠ ᠮᠠᠶ᠋ᠢᠭ ᠢᠶᠠᠷ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠨᠢ ᠳᠡᠮᠵᠢᠨ᠎ᠡ᠃ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ᠂ | ᠥᠪᠥᠷ ᠮᠣᠩᠭᠤᠯ ᠲᠡᠷᠢᠭᠦᠨ ᠤ ᠬᠢᠴᠢᠶᠡᠯ ᠲᠥᠷᠥᠯ ᠤᠨ ᠰᠢᠯᠢᠳᠡᠭ ᠢ ᠪᠣᠢ ᠪᠣᠯᠭᠠᠬᠤ ᠠᠵᠢᠯᠯᠠᠭᠠᠨ ᠢ ᠬᠡᠷᠡᠭᠵᠢᠭᠦᠯᠵᠦ᠂ | ᠡᠪᠡᠰᠦᠨ ᠤ ᠤᠬᠠᠭᠠᠨ᠂ ᠠᠮᠢ ᠠᠬᠤᠢ ᠶᠢᠨ ᠤᠬᠠᠭᠠᠨ᠂ ᠢᠳᠡᠭᠡᠨ ᠤ ᠵᠦᠢᠯ ᠤᠨ ᠰᠢᠨᠵᠢᠯᠡᠬᠦ ᠤᠬᠠᠭᠠᠨ ᠬᠢᠭᠡᠳ | ᠢᠨᠵᠧᠨᠧᠷᠢᠩ᠂ ᠤᠭᠰᠠᠭᠠᠲᠠᠨ ᠤ ᠵᠦᠢ ᠵᠡᠷᠭᠡ ᠳᠠᠪᠠᠭᠤᠯᠢᠭ ᠣᠨᠴᠠᠯᠢᠭᠲᠤ ᠰᠢᠨᠵᠢᠯᠡᠭᠡᠨ ᠤ ᠰᠠᠯᠠᠭ᠎ᠠ ᠶᠢ | ᠭᠤᠣᠯᠳᠠᠯᠭ᠎ᠠ ᠲᠠᠢ ᠪᠣᠢ ᠪᠣᠯᠭᠠᠵᠤ ᠪᠠᠶᠢᠭᠠᠳ ᠤᠯᠤᠰ ᠤᠨ ᠲᠡᠷᠢᠭᠦᠨ ᠤ ᠰᠢᠨᠵᠢᠯᠡᠭᠡᠨ ᠤ ᠰᠠᠯᠠᠭ᠎ᠠ ᠲᠡᠶᠢᠰᠢ | ᠲᠡᠮᠡᠦᠯᠦᠭᠦᠯᠦᠨᠡ᠃ ᠰᠦ ᠰᠠᠭᠠᠯᠢ ᠶᠢᠨ ᠦᠢᠯᠡᠰ᠂ ᠬᠤᠪᠣᠷ ᠰᠢᠷᠣᠢ᠂ ᠡᠨᠧᠷᠭᠢ ᠵᠡᠷᠭᠡ ᠬᠦᠷᠢᠶᠡᠨ ᠤ ᠲᠣᠭᠤᠷᠢᠨ ᠳᠤ | ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠵᠣᠬᠢᠶᠠᠨ ᠪᠠᠶᠢᠭᠤᠯᠵᠤ᠂ ᠴᠢᠳᠠᠪᠤᠷᠢᠲᠠᠨ ᠢ | ᠬᠥᠮᠥᠵᠢᠭᠦᠯᠬᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠬᠠᠮᠵᠢᠯᠴᠠᠨ ᠠᠬᠢᠭᠤᠯᠤᠨ᠎ᠠ᠃ ᠪᠠᠰᠠ | ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠪᠣᠯᠣᠨ ᠪᠡᠭᠡᠵᠢᠩ ᠲᠢᠶᠠᠨᠵᠢᠨ ᠾᠧᠪᠧᠢ ᠶᠢᠨ ᠶᠡᠭᠡ | ᠳᠡᠭᠡᠳᠦ ᠰᠤᠷᠭᠠᠭᠤᠯᠢ ᠶᠢᠨ ᠰᠤᠷᠤᠭᠴᠢᠳ ᠢ ᠬᠤᠯᠪᠤᠭᠠᠯᠠᠨ ᠬᠥᠮᠥᠵᠢᠭᠦᠯᠬᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠪᠠᠷ ᠬᠤᠯᠪᠤᠭᠠᠯᠠᠨ ᠰᠢᠨ᠎ᠡ ᠶᠢ ᠡᠭᠦᠳᠬᠦ᠂ ᠲᠠᠪᠴᠠᠩ ᠢ ᠬᠤᠯᠪᠤᠭᠠᠯᠠᠨ ᠬᠠᠮᠲᠤ ᠪᠠᠷ ᠪᠠᠶᠢᠭᠤᠯᠬᠤ | ᠵᠡᠷᠭᠡ ᠲᠠᠯ᠎ᠠ ᠪᠠᠷ ᠠᠬᠢᠭᠤᠯᠵᠤ ᠪᠠᠶᠢᠭᠠᠳ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠦᠷᠢᠯᠡᠬᠦ ᠪᠠ ᠡᠬᠢ ᠪᠠᠶᠠᠯᠢᠭ ᠢ | ᠬᠠᠮᠲᠤ ᠬᠦᠷᠲᠡᠬᠦ ᠠᠵᠢᠯ ᠢ ᠰᠠᠶᠢᠲᠤᠷ ᠬᠢᠨ᠎ᠡ᠃ | ᠡᠭᠦᠨ ᠤ ᠬᠠᠮᠲᠤ᠂ ᠵᠢᠯ ᠪᠦᠷᠢ ᠶᠡᠭᠡ ᠳᠡᠭᠡᠳᠦ ᠰᠤᠷᠭᠠᠭᠤᠯᠢ ᠠᠴᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ 100 ᠣᠷᠴᠢᠮ ᠤᠨ ᠰᠢᠯᠢᠳᠡᠭ ᠵᠠᠯᠠᠭᠤ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ 30 ᠣᠷᠴᠢᠮ ᠳᠠᠭᠠᠭᠤᠯᠤᠭᠴᠢ ᠵᠠᠯᠠᠭᠤ ᠴᠢᠳᠠᠪᠤᠷᠢᠲᠠᠨ ᠤ ᠰᠢᠨ᠎ᠡ ᠡᠭᠦᠳᠦᠯᠲᠡ ᠶᠢᠨ ᠪᠦᠯᠬᠦᠮ | ᠨᠡᠶᠢᠲᠡ ᠶᠢ ᠰᠢᠯᠢᠨ ᠰᠣᠩᠭᠤᠵᠤ᠂ ᠭᠤᠣᠯᠳᠠᠭᠤ 35 ᠪᠦᠬᠦᠯᠢ ᠨᠠᠰᠤᠨ ᠠᠴᠠ ᠳᠣᠷᠣᠭᠰᠢᠬᠢ ᠵᠠᠯᠠᠭᠤ ᠴᠢᠳᠠᠪᠤᠷᠢᠲᠠᠨ | ᠪᠠ 40 ᠨᠠᠰᠤᠨ ᠠᠴᠠ ᠳᠣᠷᠣᠭᠰᠢᠬᠢ ᠳᠠᠭᠠᠭᠤᠯᠤᠭᠴᠢ ᠴᠢᠳᠠᠪᠤᠷᠢᠲᠠᠨ ᠤ ᠪᠦᠯᠬᠦᠮ ᠨᠡᠶᠢᠲᠡ ᠲᠡᠶᠢᠰᠢ ᠳᠡᠮᠵᠢᠯᠭᠡ | ᠦᠵᠡᠭᠦᠯᠵᠦ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠵᠠᠯᠠᠭᠤ ᠴᠢᠳᠠᠪᠤᠷᠢᠲᠠᠨ | ᠪᠠ ᠥᠨᠳᠥᠷ ᠬᠢᠷᠢ ᠲᠦᠪᠰᠢᠨ ᠲᠠᠢ ᠪᠠᠭᠰᠢ ᠨᠠᠷ ᠢ ᠬᠥᠮᠥᠵᠢᠭᠦᠯᠦᠨ᠎ᠡ᠃ |