| | | | ᠵᠣᠴᠢᠨ᠄ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠥᠷᠪᠡᠳᠦᠭᠡᠷ | ᠲᠡᠰ ᠤᠨ ᠪᠠᠶᠢᠴᠠᠭᠠᠨ ᠰᠤᠳᠤᠯᠤᠭᠴᠢ ᠹᠧᠩ ᠶᠦᠨ ᠹᠧᠩ | ᠰᠤᠷᠪᠤᠯᠵᠢᠯᠠᠭᠰᠠᠨ ᠴᠠᠭ᠄ 2024-10-30 10:02 | | | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ | ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ | ᠦᠵᠡᠯ ᠪᠣᠳᠤᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | | | ᠬᠥᠲᠥᠯᠥᠭᠴᠢ᠄ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷ᠎ᠡ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠬᠠᠢ ᠳᠤᠷᠠᠳᠴᠤ᠂ ᠬᠥᠬᠡᠬᠤᠲᠠ ᠠᠮᠢ | ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠ ᠠᠮᠢ ᠠᠬᠤᠢ ᠶᠢᠨ ᠪᠣᠯᠪᠠᠰᠤᠨ ᠤ | ᠪᠦᠲᠦᠭᠡᠨ ᠪᠠᠶᠢᠭᠤᠯᠤᠯᠲᠠ ᠶᠢ ᠨᠢᠭᠡ ᠴᠢᠬᠤᠯᠠ ᠡᠭᠦᠷᠭᠡ ᠪᠣᠯᠭᠠᠨ ᠲᠥᠯᠥᠪᠯᠡᠨ ᠪᠠᠶᠢᠷᠢᠯᠠᠭᠤᠯᠵᠤ᠂ ᠠᠮᠢ ᠠᠬᠤᠢ ᠶᠢᠨ | ᠪᠣᠯᠪᠠᠰᠤᠨ ᠤ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠰᠠᠶᠢᠵᠢᠷᠠᠭᠤᠯᠬᠤ ᠠᠵᠢᠯ ᠢ ᠬᠡᠷᠬᠢᠨ ᠥᠷᠨᠢᠭᠦᠯᠦᠭᠰᠡᠨ ᠪᠣᠢ︖ | | | ᠹᠧᠩ ᠶᠦᠨ ᠹᠧᠩ᠄ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ︽ᠳᠥᠷᠪᠡᠨ ᠨᠢᠷᠤᠭᠤ ᠨᠠᠢᠮᠠᠨ ᠲᠤᠯᠭᠠᠭᠤᠷᠢ︾ ᠶᠢ ᠪᠠᠶᠢᠭᠤᠯᠵᠤ᠂ | ᠰᠦᠷ ᠳᠠᠯᠠᠶᠢᠴᠠᠲᠠᠢ ᠪᠥᠭᠡᠳ ᠲᠣᠳᠣᠷᠬᠠᠢ ᠪᠣᠳᠠᠲᠠᠢ ᠥᠭᠡᠷᠡᠴᠢᠯᠡᠯᠲᠡ ᠶᠢᠨ ᠬᠠᠭᠤᠳᠠᠰᠤ ᠶᠢ ᠵᠢᠷᠤᠭᠯᠠᠭᠰᠠᠨ ᠪᠠᠶᠢᠨ᠎ᠠ᠃ | ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ᠂ 911 ᠦᠰᠦᠭ ᠢᠶᠠᠷ ︽ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ ᠳᠤ ᠴᠢᠬᠤᠯᠠ | ᠪᠠᠶᠢᠷᠢᠯᠠᠭᠤᠯᠤᠯᠲᠠ ᠬᠢᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠠᠭ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ | ᠭᠦᠢᠴᠡᠳ ᠬᠠᠷᠠᠭᠤᠯᠪᠠ᠃ ᠬᠥᠬᠡᠬᠤᠲᠠ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ | ᠴᠢᠩᠭ᠎ᠠ ᠠᠩᠬᠠᠷᠴᠤ᠂ ᠰᠡᠳᠬᠢᠬᠦᠢ ᠪᠠ ᠠᠷᠭ᠎ᠠ ᠵᠠᠮ ᠤᠨ ᠰᠢᠨ᠎ᠡ ᠶᠢ ᠡᠭᠦᠳᠦᠨ᠂ ᠠᠮᠢ ᠠᠬᠤᠢ ᠶᠢ ᠤᠷᠢᠳᠠᠪᠠᠷ | ᠪᠣᠳᠣᠯᠬᠢᠯᠠᠭᠰᠠᠨ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠣᠬᠢᠷᠳᠤᠯ ᠦᠭᠡᠢ ᠴᠢᠨᠠᠷ ᠰᠠᠶᠢᠲᠠᠢ | ᠬᠥᠭᠵᠢᠯᠲᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠬᠠᠩᠭᠠᠭᠰᠠᠨ ᠥᠷᠭᠡᠨ ᠠᠭᠤᠳᠠᠮ | ᠣᠷᠣᠨ ᠵᠠᠢ ᠶᠢ ᠭᠦᠢᠴᠡᠳ ᠰᠠᠶᠢᠲᠤᠷ ᠬᠡᠷᠡᠭᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠡᠷᠴᠢᠮ ᠢ | ᠲᠠᠰᠤᠷᠠᠯᠲᠠ ᠦᠭᠡᠢ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠡᠭᠷᠢ ᠨᠢ ᠨᠡᠩ ᠴᠡᠯᠮᠡᠭ᠂ ᠤᠰᠤ ᠨᠢ ᠨᠡᠩ ᠲᠤᠩᠭᠠᠯᠠᠭ᠂ | ᠠᠭᠤᠯᠠ ᠨᠢ ᠨᠡᠩ ᠨᠣᠭᠤᠭᠠᠨ᠂ ᠣᠷᠴᠢᠨ ᠲᠣᠭᠤᠷᠢᠨ ᠨᠢ ᠨᠡᠩ ᠦᠵᠡᠰᠬᠦᠯᠡᠩᠲᠦ ᠰᠠᠶᠢᠬᠠᠨ ᠪᠣᠯᠭᠠᠵᠤ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠨᠣᠭᠤᠭᠠᠨ ᠳᠡᠪᠢᠰᠬᠡᠷ ᠥᠩᠭᠡ | ᠪᠠ ᠴᠢᠨᠠᠷ ᠴᠢᠨᠰᠠᠭ᠎ᠠ ᠶᠢ ᠨᠡᠩ ᠰᠠᠶᠢᠨ ᠪᠣᠯᠭᠠᠵᠤ᠂ ᠰᠢᠨ᠎ᠡ ᠴᠠᠭ ᠦᠶ᠎ᠡ ᠶᠢᠨ ᠲᠥᠪ ᠬᠤᠲᠠ ᠶᠢᠨ ᠪᠣᠬᠢᠷᠳᠤᠯ ᠦᠭᠡᠢ | ᠬᠥᠭᠵᠢᠯᠲᠡ ᠶᠢᠨ ᠤᠷᠤᠭᠰᠢᠯᠠᠯᠲᠠ ᠶᠢᠨ ᠠᠶᠠᠰ ᠢ ᠴᠤᠤᠷᠢᠶᠠᠲᠤᠭᠤᠯᠪᠠ᠃ | | | ᠬᠥᠲᠥᠯᠥᠭᠴᠢ᠄ | ᠰᠢᠨ᠎ᠡ ᠬᠤᠲᠠ ᠲᠣᠭᠤᠷᠢᠭ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠬᠡᠷᠬᠢᠨ ᠢᠳᠡᠪᠬᠢᠲᠡᠢ ᠦᠢᠯᠡᠳᠦᠯᠭᠡᠵᠢᠭᠦᠯᠵᠦ᠂ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ | | | ᠹᠧᠩ ᠶᠦᠨ ᠹᠧᠩ᠄ | ᠰᠢᠨ᠎ᠡ ᠬᠤᠳᠠ ᠲᠣᠭᠤᠷᠢᠭ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ | ᠬᠥᠬᠡᠬᠤᠲᠠ ᠶᠢᠨ ᠭᠤᠣᠯ ᠬᠤᠳᠠ ᠶᠢᠨ ᠲᠣᠭᠤᠷᠢᠭ ᠪᠣᠯᠣᠨ᠎ᠠ᠂ ᠳᠠᠯᠠᠨ ᠬᠠᠷ᠎ᠠ ᠠᠭᠤᠯᠠ ᠶᠢᠨ ᠡᠮᠦᠨ᠎ᠡ ᠬᠤᠷᠮᠣᠢ᠂ | ᠬᠥᠬᠡᠬᠤᠲᠠ ᠶᠢᠨ ᠬᠤᠶᠢᠲᠤ ᠬᠡᠰᠡᠭ ᠲᠤ ᠪᠠᠶᠢᠷᠢᠯᠠᠵᠤ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠠᠵᠤ | ᠠᠬᠤᠢ ᠶᠢᠨ ᠴᠠᠭᠠᠷᠢᠭ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠣᠨ᠎ᠠ᠂ ᠪᠠᠶᠢᠭᠠᠯᠢ ᠶᠢᠨ ᠡᠬᠢ ᠪᠠᠶᠠᠯᠢᠭ ᠤᠯᠠᠨ ᠠᠴᠠ | ᠣᠨᠴᠠᠭᠠᠢ ᠪᠠᠶᠢᠵᠤ᠂ ᠠᠭᠤᠯᠠ ᠤᠰᠤ ᠤᠢ ᠰᠢᠭᠤᠢ ᠨᠠᠭᠤᠷ ᠪᠦᠷᠢᠳᠦ ᠡᠪᠡᠰᠦ ᠪᠡᠯᠴᠢᠭᠡᠷ ᠪᠦᠷᠢᠨ ᠪᠠᠶᠢᠨ᠎ᠠ᠃ | ᠣᠶᠢᠷ᠎ᠠ ᠶᠢᠨ ᠵᠢᠯ ᠠᠴᠠ᠂ ᠰᠢᠨ᠎ᠡ ᠬᠤᠳᠠ ᠲᠣᠭᠤᠷᠢᠭ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ | ᠪᠣᠬᠢᠷᠲᠤᠯ ᠦᠭᠡᠢ ᠬᠥᠭᠵᠢᠯᠲᠡ︾ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ︽ᠡᠬᠡ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ︾ ᠶᠢᠨ ᠬᠠᠷᠠᠯᠲᠠ ᠳᠤ | ᠴᠢᠭᠯᠡᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠤᠣᠰ ᠬᠦᠷᠳᠦ ᠪᠠᠷ ᠬᠥᠳᠡᠯᠭᠡᠭᠦᠷ ᠪᠣᠯᠭᠠᠵᠤ᠂ 2020 ᠣᠨ ᠳᠤ᠂ ᠰᠢᠨ᠎ᠡ ᠬᠤᠳᠠ ᠲᠣᠭᠤᠷᠢᠭ ᠳᠥᠷᠪᠡᠳᠦᠭᠡᠷ | ᠪᠦᠯᠦᠭ ᠤᠨ ︽ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾ ᠤ | ᠴᠣᠯᠠ ᠶᠢ ᠠᠮᠵᠢᠯᠲᠠ ᠲᠠᠢ ᠣᠯᠵᠤ᠂ 2023 ᠣᠨ ᠳᠤ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ | ᠶᠠᠮᠤᠨ ᠠᠴᠠ ᠳᠣᠯᠣᠳᠤᠭᠠᠷ ᠪᠦᠯᠦᠭ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ | ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠵᠦ᠂ ᠬᠥᠬᠡᠬᠤᠲᠠ ᠶᠢᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠬᠤᠴᠠ ᠶᠢ ᠤᠯᠠᠮ ᠨᠢᠭᠡ ᠠᠯᠬᠤᠮ ᠲᠦᠷᠭᠡᠳᠬᠡᠪᠡ᠃ ᠡᠭᠦᠨ ᠤ | ᠬᠠᠮᠲᠤ᠂ ᠪᠥᠬᠦ ᠤᠯᠤᠰ ᠤᠨ ᠬᠡᠪᠴᠢᠶᠡᠨ ᠳᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠲᠠᠢ | ᠪᠠᠶᠢᠵᠤ᠂ ᠬᠥᠬᠡᠬᠤᠲᠠ ᠵᠢᠴᠢ ᠪᠤᠰᠤᠳ ᠠᠶᠢᠮᠠᠭ ᠬᠤᠲᠠ ᠳᠤ ᠡᠷᠬᠢᠮ ᠨᠠᠨᠳᠢᠨ ᠯᠠᠪᠯᠠᠯᠲᠠ ᠪᠠ ᠲᠤᠷᠰᠢᠯᠭ᠎ᠠ ᠪᠣᠯᠵᠤ᠂ | ᠡᠭᠦᠨ ᠤ ᠤᠯᠠᠮ ᠠᠴᠠ ᠬᠥᠬᠡᠬᠤᠲᠠ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠨᠠᠩ ᠣᠯᠠᠨ ᠪᠡᠯᠡ ᠣᠷᠣᠭᠤᠯᠤᠯᠲᠠ ᠪᠠ ᠵᠢᠭᠤᠯᠴᠢᠯᠠᠯ ᠤᠨ ᠡᠬᠢ ᠪᠠᠶᠠᠯᠢᠭ ᠢ ᠲᠡᠳᠡᠨ ᠠᠪᠴᠢᠷᠠᠵᠤ᠂ | ᠲᠤᠬᠠᠢ ᠶᠢᠨ ᠭᠠᠵᠠᠷ ᠤᠨ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠪᠠ᠃ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠩ ᠴᠢᠩᠭ᠎ᠠ ᠠᠷᠭ᠎ᠠ ᠬᠡᠮᠵᠢᠶ᠎ᠡ ᠪᠣᠯᠣᠨ ᠪᠣᠬᠢᠷᠳᠤᠯ ᠦᠭᠡᠢ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠥᠬᠡᠬᠤᠲᠠ ᠠᠵᠤ ᠠᠬᠤᠢ ᠶᠢᠨ | ᠬᠥᠭᠵᠢᠯᠲᠡ ᠪᠣᠯᠣᠨ ᠠᠮᠢ ᠠᠬᠤᠢ ᠶᠢᠨ ᠬᠠᠮᠠᠭᠠᠯᠠᠯᠲᠠ ᠶᠢᠨ ᠰᠠᠶᠢᠨ ᠣᠷᠴᠢᠯ ᠢ ᠴᠢᠷᠮᠠᠶᠢᠨ ᠪᠡᠶᠡᠯᠡᠭᠦᠯᠵᠦ᠂ ᠠᠷᠠᠳ | ᠣᠯᠠᠨ ᠳᠤ ᠨᠡᠩ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠪᠠ᠃ | ᠰᠢᠨ᠎ᠡ ᠬᠤᠲᠠ ᠲᠣᠭᠤᠷᠢᠭ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠡᠭᠡᠷᠡᠬᠢ ᠴᠣᠯᠠ ᠬᠠᠮᠠᠭᠠᠯᠠᠭᠰᠠᠨ ᠰᠠᠭᠤᠷᠢᠨ ᠳᠡᠭᠡᠷ᠎ᠡ᠂ ᠡᠯ᠎ᠡ ᠵᠦᠢᠯ ᠤᠨ | ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ | ᠣᠷᠣᠰᠢᠭᠰᠠᠨ ᠦᠵᠡᠰᠬᠦᠯᠡᠩᠲᠦ ᠰᠠᠶᠢᠬᠠᠨ ᠰᠢᠨ᠎ᠡ ᠬᠤᠲᠠ ᠶᠢ ᠴᠣᠭᠴᠠᠯᠠᠨ ᠪᠠᠶᠢᠭᠤᠯᠵᠤ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠡᠶᠡᠯᠡᠭᠦᠯᠵᠦ᠂ ︽ᠪᠠᠷᠠᠭᠤᠨ ᠬᠤᠶᠢᠲᠤ | ᠣᠷᠣᠨ ᠤ ᠲᠥᠪ ᠬᠤᠲᠠ ᠶᠢᠨ ᠲᠣᠭᠤᠷᠢᠭ︾ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠮ ᠢ | ᠰᠦᠪᠡᠭᠴᠢᠯᠡᠨ ᠨᠡᠭᠡᠭᠡᠵᠦ᠂ ᠢᠯᠡᠳᠲᠡ ᠦᠷ᠎ᠡ ᠪᠦᠲᠦᠮᠵᠢ ᠣᠯᠪᠠ᠃ | | | ᠬᠥᠲᠥᠯᠥᠭᠴᠢ᠄ | ᠳᠠᠯᠠᠨ ᠬᠠᠷ᠎ᠠ ᠠᠭᠤᠯᠠ ᠨᠢ ᠰᠢᠨ᠎ᠡ ᠬᠤᠲᠠ ᠲᠣᠭᠤᠷᠢᠭ ᠤᠨ ᠴᠢᠬᠤᠯᠠ ᠬᠡᠰᠡᠭ ᠪᠣᠯᠤᠭᠰᠠᠨ ᠤ ᠬᠤᠪᠢ ᠳᠤ᠂ | ᠡᠮᠦᠨ᠎ᠡ ᠪᠠᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠯᠲᠠ ᠳᠤᠮᠳᠠ ᠮᠠᠰᠢ ᠣᠯᠠᠨ ᠬᠤᠪᠢ | ᠨᠡᠮᠡᠷᠢ ᠦᠵᠡᠭᠦᠯᠪᠡ᠂ ᠰᠢᠨ᠎ᠡ ᠬᠤᠲᠠ ᠲᠣᠭᠤᠷᠢᠭ ᠨᠢ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢ ᠶᠡᠷᠦᠩᠬᠡᠶᠢᠯᠡᠨ | ᠵᠠᠰᠠᠵᠤ ᠬᠠᠮᠠᠭᠠᠯᠠᠬᠤ ᠲᠠᠯ᠎ᠠ ᠪᠠᠷ ᠪᠣᠳᠠᠲᠠᠢ ᠶᠠᠮᠠᠷ ᠶᠠᠮᠠᠷ ᠠᠵᠢᠯ ᠢ ᠬᠢᠭᠰᠡᠨ ᠪᠣᠶ︖ | | | ᠹᠧᠩ ᠶᠦᠨ ᠹᠧᠩ᠄ | ᠰᠢᠨ᠎ᠡ ᠬᠤᠲᠠ ᠲᠣᠭᠤᠷᠢᠭ ᠨᠢ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠢ ᠶᠢᠨ | ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠡᠭᠦᠷᠢᠳᠡ ᠭᠤᠣᠯᠳᠠᠯᠭ᠎ᠠ ᠶᠢᠨ ᠳᠣᠲᠣᠷᠠᠬᠢ | ᠭᠤᠣᠯᠳᠠᠯᠭ᠎ᠠ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢᠨ ᠬᠠᠮᠲᠤ | ︽ᠬᠤᠲᠠ ᠶᠢᠨ ᠲᠣᠭᠤᠷᠢᠭ ᠨᠢ ᠭᠤᠶᠣ᠂ ᠣᠷᠴᠢᠨ ᠲᠣᠭᠤᠷᠢᠨ ᠨᠢ ᠰᠢᠯᠢᠳᠡᠭ᠂ ᠬᠥᠮᠥᠨ ᠰᠣᠶᠣᠯ ᠢᠷᠭᠡᠨᠰᠢᠯ ᠲᠠᠢ᠂ | ᠠᠷᠠᠳ ᠣᠯᠠᠨ ᠨᠢ ᠵᠢᠷᠭᠠᠯ ᠲᠠᠢ︾ ᠪᠣᠬᠢᠷᠲᠤᠯ ᠦᠭᠡᠢ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠵᠦ᠂ | ᠲᠤᠷᠰᠢᠯᠭ᠎ᠠ ᠪᠠᠨ ᠳ᠋ᠦᠩᠨᠡᠬᠦ᠂ ᠵᠢᠱᠢᠶ᠎ᠡ ᠦᠵᠡᠭᠦᠯᠬᠦ᠂ ᠦᠯᠢᠭᠡᠷ ᠳᠠᠭᠤᠷᠢᠶᠠᠯ ᠪᠣᠯᠬᠤ ᠱᠠᠭᠠᠷᠳᠠᠯᠭ᠎ᠠ ᠶᠣᠰᠣᠭᠠᠷ᠂ | ᠤᠮᠠᠷᠠᠲᠤ ᠬᠡᠰᠡᠭ ᠤᠨ ᠴᠡᠯᠡᠭᠡᠷ ᠲᠠᠯ᠎ᠠ ᠶᠢᠨ ᠰᠣᠶᠣᠯ ᠵᠢᠭᠤᠯᠴᠢᠯᠠᠯ ᠤᠨ ᠦᠵᠡᠮᠵᠢ ᠶᠢᠨ ᠪᠦᠰᠡ ᠶᠢ ᠥᠨᠳᠥᠷ | ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ︽ᠠᠮᠢ | ᠠᠬᠤᠢ ᠶᠢᠨ ᠨᠣᠭᠤᠭᠠᠨ ᠪᠦᠰᠡ︾ ᠶᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ | ᠪᠡᠯ ᠢ ᠬᠥᠬᠡᠬᠤᠲᠠ ᠶᠢᠨ ︽ᠨᠣᠭᠤᠭᠠᠨ ᠠᠭᠤᠰᠬᠢ︾ ᠪᠠ ᠤᠮᠠᠷᠠᠲᠤ ᠶᠢᠨ ᠪᠠᠶᠢᠭᠠᠯᠢ ᠶᠢᠨ ᠠᠮᠢ ᠠᠬᠤᠢ ᠶᠢᠨ | ᠬᠠᠯᠬᠠᠪᠴᠢ ᠵᠢᠴᠢ ᠣᠷᠣᠨ ᠪᠦᠰᠡ ᠶᠢᠨ ᠴᠢᠨᠠᠷᠲᠠᠢ ᠠᠮᠢ ᠠᠬᠤᠢ ᠶᠢᠨ ᠬᠤᠩᠭᠢᠯ ᠪᠣᠯᠭᠠᠪᠠ᠃ | ᠰᠢᠨ᠎ᠡ ᠬᠤᠲᠠ ᠲᠣᠭᠤᠷᠢᠭ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠵᠤ ᠬᠠᠮᠠᠭᠠᠯᠠᠬᠤ ᠢᠨᠵᠧᠨᠧᠷᠢᠩ ᠢ ᠡᠬᠢᠯᠡᠭᠦᠯᠬᠦ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ ᠳᠠᠭᠠᠵᠤ᠂ ᠪᠥᠬᠦ ᠲᠣᠭᠤᠷᠢᠭ ᠤᠨ | ᠬᠦᠴᠦᠨ ᠢᠶᠠᠷ ᠢᠶᠠᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠢ ᠶᠢ ᠬᠠᠮᠠᠭᠠᠯᠠᠵᠤ ᠶᠡᠷᠦᠩᠬᠡᠶᠢᠯᠡᠨ | ᠵᠠᠰᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ︽ᠠᠭᠤᠯᠠ ᠶᠢ ᠬᠤᠲᠠ ᠳᠤ ᠲᠤᠰᠬᠠᠬᠤ︾ ᠪᠠᠶᠢᠯᠳᠤᠬᠤ | ᠪᠣᠳᠣᠯᠭ᠎ᠠ ᠶᠢ ᠲᠦᠯᠬᠢᠨ ᠠᠬᠢᠭᠤᠯᠵᠤ᠂ 10 ᠲᠦᠮᠡ ᠭᠠᠷᠤᠢ ᠲᠡᠭᠰᠢ ᠳᠥᠷᠪᠡᠯᠵᠢᠨ ᠮᠧᠲᠷ ᠤᠨ ᠨᠢᠴᠦᠭᠦᠨ | ᠠᠭᠤᠯᠠ ᠶᠢ ᠲᠤᠶᠢᠯᠪᠤᠷᠢᠲᠠᠢ ᠵᠠᠰᠠᠨ ᠰᠡᠷᠭᠦᠭᠡᠵᠦ᠂ ᠬᠥᠮᠥᠨ ᠤ ᠬᠦᠴᠦ ᠪᠠᠷ ᠵᠠᠰᠠᠨ ᠰᠡᠷᠭᠦᠭᠡᠬᠦ ᠪᠠ ᠠᠶᠠᠨᠳᠠᠭᠠᠨ | ᠰᠡᠷᠭᠦᠭᠡᠬᠦ ᠶᠢ ᠪᠦᠲᠦᠮᠵᠢᠲᠡᠶ ᠤᠶᠠᠯᠳᠤᠭᠤᠯᠪᠠ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠢ ᠶᠢᠨ | ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠬᠤ ᠢᠨᠵᠧᠨᠧᠷᠢᠩ ᠳᠤ᠂ ᠬᠥᠬᠡᠬᠤᠲᠠ ᠳᠠᠯᠠᠨ ᠬᠠᠷ᠎ᠠ ᠠᠭᠤᠯᠠ ᠶᠢᠨ ᠡᠮᠦᠨ᠎ᠡ | ᠪᠠᠯ ᠤᠨ ᠨᠡᠶᠢᠲᠡ 292 ᠪᠣᠬᠢᠷᠲᠤᠯ ᠲᠠᠢ ᠠᠵᠤ ᠠᠬᠤᠶᠢᠯᠠᠯ ᠢ ᠪᠦᠬᠦᠨ ᠢ ᠬᠠᠭᠠᠵᠤ᠂ ᠬᠠᠤᠯᠢ ᠠᠴᠠ ᠵᠥᠷᠢᠴᠡᠭᠰᠡᠨ | ᠪᠠᠷᠢᠯᠭ᠎ᠠ ᠶᠢ 60 ᠲᠦᠮᠡᠨ ᠲᠡᠭᠰᠢ ᠳᠥᠷᠪᠡᠯᠵᠢᠨ ᠮᠧᠲᠷ ᠰᠢᠬᠠᠮ ᠨᠤᠷᠠᠭᠠᠪᠠ᠃ ᠳᠠᠯᠠᠨ ᠬᠠᠷ᠎ᠠ ᠠᠭᠤᠯᠠ ᠶᠢᠨ | ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢ ᠵᠠᠰᠠᠨ ᠰᠡᠷᠭᠦᠭᠡᠬᠦ ᠢᠨᠵᠧᠨᠧᠷᠢᠩ ᠢ ᠡᠬᠢᠯᠡᠨ | ᠬᠡᠷᠡᠭᠵᠢᠭᠦᠯᠵᠦ᠂ 3 ᠦᠯᠡᠳᠡᠭᠳᠡᠯ ᠠᠭᠤᠷᠬᠠᠢ ᠶᠢᠨ ᠬᠠᠶᠠᠭᠳᠠᠮᠠᠯ ᠤᠨ ᠬᠥᠮᠥᠷᠭᠡ ᠶᠢ ᠪᠦᠬᠦᠨ ᠢ ᠵᠠᠰᠠᠵᠤ ᠳᠠᠭᠤᠰᠬᠠᠪᠠ᠃ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ | ᠪᠡᠯ ᠤᠨ ᠬᠤᠭᠤᠰᠤᠨ ᠭᠠᠵᠠᠷ ᠵᠢᠴᠢ ᠵᠠᠮ ᠤᠨ ᠬᠤᠶᠠᠷ ᠬᠠᠵᠠᠭᠤ ᠪᠠᠷ 4 ᠲᠦᠮᠡᠨ ᠮᠦ ᠭᠠᠵᠠᠷ ᠰᠢᠷᠣᠢ ᠶᠢ | ᠣᠶᠢᠵᠢᠭᠤᠯᠵᠤ ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠠᠷᠠᠴᠢᠨ ᠠᠮᠢ ᠠᠬᠤᠢ ᠶᠢᠨ ᠴᠡᠴᠡᠷᠯᠢᠭ᠂ | ᠴᠡᠯᠡᠭᠡᠷ ᠲᠠᠯ᠎ᠠ ᠶᠢᠨ ᠪᠠᠶᠢᠭᠠᠯᠢ ᠶᠢᠨ ᠦᠵᠡᠮᠵᠢ᠂ ᠮᠧᠩ ᠼᠤᠤ ᠦᠵᠡᠰᠬᠦᠯᠡᠩ ᠤᠨ ᠬᠦᠷᠢᠶᠡᠯᠡᠩ ᠵᠡᠷᠭᠡ ᠲᠣᠮᠣ | ᠬᠡᠯᠪᠡᠷᠢ ᠶᠢᠨ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ 9.8 ᠲᠦᠮᠡᠨ | ᠮᠦ ᠡᠵᠡᠭᠦᠢ ᠭᠠᠵᠠᠷ᠂ ᠠᠲᠠᠷᠰᠢᠭᠰᠠᠨ ᠭᠠᠵᠠᠷ ᠤᠨ ᠠᠮᠢ ᠠᠬᠤᠢ ᠰᠡᠷᠭᠦᠵᠦ᠂ ᠡᠯ᠎ᠡ ᠲᠦᠷᠦᠯ ᠤᠨ ᠲᠤᠷᠤᠭ ᠮᠣᠳᠣ᠂ | ᠪᠤᠲᠠ ᠮᠣᠳᠣ ᠵᠢᠴᠢ ᠡᠪᠡᠰᠦᠲᠦ ᠤᠷᠭᠤᠮᠠᠯ 1800 ᠭᠠᠷᠤᠢ ᠲᠦᠮᠡᠨ ᠰᠠᠭᠤᠷᠢ ︵ᠪᠤᠳᠠ ᠮᠣᠳᠣ︶ ᠲᠠᠷᠢᠵᠤ᠂ | ᠨᠣᠭᠤᠭᠠᠷᠠᠭᠤᠯᠤᠯᠲᠠ ᠶᠢᠨ ᠶᠡᠷᠦᠩᠬᠡᠢ ᠲᠠᠯᠠᠪᠠᠢ ᠨᠢ 14 ᠲᠦᠮᠡᠨ ᠮᠦ ᠬᠦᠷᠴᠦ᠂ ᠤᠢ ᠡᠪᠡᠰᠦ ᠶᠢᠨ ᠪᠦᠷᠬᠦᠴᠡ 63 | % ᠬᠦᠷᠴᠦ᠂ ᠪᠣᠬᠢᠷᠲᠤᠯ ᠦᠭᠡᠢ ᠨᠢ ᠨᠢᠭᠡᠨᠲᠡ ᠠᠮᠢ ᠠᠬᠤᠢ ᠶᠢᠨ ᠰᠢᠨ᠎ᠡ ᠬᠤᠳᠠ ᠶᠢᠨ ︽ᠬᠠᠮᠤᠭ ᠤᠨ ᠭᠤᠶᠤ | ᠦᠨᠳᠦᠰᠦᠨ ᠥᠩᠭᠡ︾ ᠪᠣᠯᠤᠭᠰᠠᠨ ᠪᠠᠶᠢᠨ᠎ᠠ᠃ | | | ᠬᠥᠲᠥᠯᠥᠭᠴᠢ᠄ | ᠰᠢᠨ᠎ᠡ ᠬᠤᠲᠠ ᠲᠣᠭᠤᠷᠢᠭ ᠨᠢ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ | ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠢ︖ | | | ᠹᠧᠩ ᠶᠦᠨ ᠹᠧᠩ᠄ | ᠰᠢᠨ᠎ᠡ ᠬᠤᠳᠠ ᠲᠣᠭᠤᠷᠢᠭ ᠤᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠠᠵᠢᠯ ᠢ ᠰᠠᠶᠢᠲᠤᠷ | ᠬᠢᠬᠦ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠴᠠ ᠴᠢᠬᠤᠯᠠ ᠠᠵᠢᠯ ᠪᠣᠯᠭᠠᠵᠤ᠂ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ | ᠪᠠᠲᠤᠵᠢᠭᠤᠯᠬᠤ ᠶᠢᠨ ᠬᠠᠮᠲᠤ ᠢᠳᠡᠪᠬᠢᠲᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠨ᠂ ᠠᠮᠢ ᠠᠬᠤᠢ ᠶᠢᠨ ᠣᠷᠴᠢᠨ ᠲᠣᠭᠤᠷᠢᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠬᠦ ᠪᠠᠷ ᠬᠠᠷᠠᠯᠲᠠ ᠪᠣᠯᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠦᠨᠡᠨ ᠪᠣᠳᠠᠲᠠᠢ ᠠᠵᠢᠯᠯᠠᠭ᠎ᠠ ᠪᠠᠷ ᠢᠶᠠᠨ ᠣᠷᠴᠢᠨ ᠲᠣᠭᠤᠷᠢᠨ ᠤ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ | ᠨᠢᠭᠡ ᠳᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠪᠠᠬᠢᠵᠢᠪᠡ᠃ ᠴᠡᠯᠡᠭᠡᠷ ᠲᠠᠯ᠎ᠠ ᠠᠮᠢ | ᠠᠬᠤᠢ ᠶᠢᠨ ᠥᠯᠢᠭᠡᠷ ᠡᠳ᠋ ᠬᠠᠳᠠᠭᠠᠯᠠᠬᠤ ᠣᠷᠣᠨ ᠵᠠᠢ ᠶᠢᠨ ᠡᠪᠡᠰᠦᠨ ᠤ ᠦᠷ᠎ᠡ ᠡᠭᠦᠯᠳᠡᠷ ᠤᠨ ᠨᠥᠭᠡᠴᠡᠯᠡᠬᠦ ᠬᠢᠷᠢ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ 2200 ᠵᠦᠢᠯ ᠤᠨ ᠤᠷᠭᠤᠮᠠᠯ ᠤᠨ ᠤᠳᠤᠮᠯᠠᠯ ᠤᠨ ᠡᠳ᠋ ᠤᠨ | ᠡᠬᠢ ᠪᠠᠶᠠᠯᠢᠭ ᠢ ᠬᠤᠷᠢᠶᠠᠨ ᠬᠠᠳᠠᠭᠠᠯᠠᠵᠤ᠂ ᠠᠮᠢ ᠠᠬᠤᠢ ᠶᠢ ᠰᠡᠷᠭᠦᠭᠡᠬᠦ ᠳᠤ ᠬᠡᠷᠡᠭᠰᠡᠬᠦ ᠨᠤᠲᠤᠭ ᠤᠨ ᠡᠪᠡᠰᠦᠨ | ᠦᠷ᠎ᠡ ᠶᠢ ᠨᠠᠩ ᠣᠯᠠᠨ ᠡᠰᠢᠵᠢᠭᠦᠯᠪᠡ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠭᠤᠤ ᠶᠢᠨ ᠠᠮᠢ ᠠᠬᠤᠢ ᠶᠢ | ᠰᠡᠷᠭᠦᠭᠡᠨ ᠵᠠᠰᠠᠬᠤ ᠠᠵᠢᠯ ᠢ ᠪᠦᠬᠦᠨ ᠢ ᠳᠠᠭᠤᠰᠬᠠᠵᠤ᠂ 10 ᠲᠦᠮᠡ ᠭᠠᠷᠤᠢ ᠲᠡᠭᠰᠢ ᠳᠥᠷᠪᠡᠯᠵᠢᠨ ᠮᠧᠲᠷ ᠤᠨ | ᠬᠠᠯᠴᠠᠭᠠᠢ ᠠᠭᠤᠯᠠ ᠶᠢ ᠲᠤᠶᠢᠯᠪᠤᠷᠢᠲᠠᠢ ᠰᠡᠷᠭᠦᠭᠡᠵᠦ᠂ ᠬᠥᠮᠥᠨ ᠤ ᠬᠦᠴᠦ ᠪᠠᠷ ᠰᠡᠷᠭᠦᠭᠡᠬᠦ ᠪᠠ ᠠᠶᠠᠨᠳᠠᠭᠠᠨ | ᠰᠡᠷᠭᠦᠬᠦ ᠶᠢ ᠪᠦᠲᠦᠮᠵᠢᠲᠡᠶ ᠤᠶᠠᠯᠳᠤᠭᠤᠯᠪᠠ᠃ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠠᠵᠢᠯᠯᠠᠭ᠎ᠠ ᠶᠢ ᠡᠮᠬᠢ ᠵᠢᠷᠤᠮ ᠲᠠᠢ | ᠠᠬᠢᠭᠤᠯᠵᠤ᠂ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠤᠭᠰᠠᠨ ᠲᠤᠷᠤᠭ ᠪᠤᠳᠠ ᠮᠣᠳᠣᠨ ᠤ ᠣᠶ ᠶᠢ | ᠥᠭᠡᠷᠡᠴᠢᠯᠡᠬᠦ ᠲᠥᠷᠥᠯ ᠵᠦᠢᠯ ᠢ 4.1 ᠲᠦᠮᠡᠨ ᠮᠦ ᠬᠡᠷᠡᠭᠵᠢᠭᠦᠯᠵᠦ᠂ ᠠᠯᠪᠠᠨ ᠵᠢᠷᠤᠮ ᠤᠨ ᠮᠣᠳᠣ ᠨᠡᠶᠢᠲᠡ 125 | ᠲᠦᠮᠡ ᠭᠠᠷᠤᠢ ᠰᠠᠭᠤᠷᠢ ᠳᠠᠷᠢᠪᠠ᠃ ᠰᠢᠨ᠎ᠡ ᠬᠤᠲᠠ ᠲᠣᠭᠤᠷᠢᠭ ᠤᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ | ᠥᠷᠲᠡᠭᠡ ᠶᠢ ᠪᠠᠶᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠠᠯᠠᠪᠠᠶ ᠶᠢ 73.4 ᠲᠦᠮᠡᠨ ᠮᠦ ᠲᠣᠭᠲᠠᠭᠠᠵᠤ᠂ | ᠬᠥᠨᠥᠭᠡᠯᠲᠡᠢ ᠠᠮᠢᠳᠤ ᠪᠣᠳᠠᠰ ᠢ 4.5 ᠲᠦᠮᠡᠨ ᠮᠦ ᠰᠡᠷᠭᠡᠶᠢᠯᠡᠨ ᠵᠠᠰᠠᠵᠤ᠂ ᠣᠶ ᠰᠢᠭᠤᠢ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠬᠦ ᠶᠢ ᠪᠦᠲᠦᠮᠵᠢᠲᠡᠶ ᠴᠢᠩᠭᠠᠳᠬᠠᠵᠤ᠂ ᠨᠣᠭᠤᠭᠠᠨ ᠬᠠᠯᠬᠠᠪᠴᠢ ᠶᠢ ᠤᠯᠠᠮ ᠨᠢᠭᠡ ᠠᠯᠬᠤᠮ | ᠪᠠᠬᠢᠵᠢᠭᠦᠯᠪᠡ᠃ | ᠬᠤᠶᠠᠷ ᠲᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠬᠦᠴᠦᠲᠡᠢ ᠠᠬᠢᠭᠤᠯᠪᠠ᠃ PM2.5 ᠪᠠ ᠣᠽᠣᠨ ᠢ | ᠭᠦᠨᠵᠡᠭᠡᠢ ᠬᠠᠮᠵᠢᠯᠴᠠᠨ ᠬᠠᠮᠢᠶᠠᠷᠤᠨ ᠡᠵᠡᠮᠳᠡᠵᠦ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ | ᠪᠠᠶᠢᠩᠭᠤᠵᠢᠭᠤᠯᠤᠨ ᠵᠠᠰᠠᠵᠤ᠂ ᠨᠢᠳᠤᠨᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ 328 | ᠡᠳᠦᠷ ᠲᠤ ᠬᠦᠷᠴᠦ᠂ ᠬᠥᠬᠡ ᠣᠭᠲᠠᠷᠭᠤᠢ ᠴᠠᠭᠠᠨ ᠡᠭᠦᠯᠡ ᠶᠢ ᠬᠡᠪ ᠤᠨ ᠪᠠᠶᠢᠳᠠᠯ ᠲᠠᠢ ᠪᠣᠯᠭᠠᠪᠠ᠃ ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠤᠨ ᠳᠠᠷᠤᠭ᠎ᠠ ᠶᠢᠨ | ᠳᠦᠷᠢᠮ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠨᠢ ᠭᠤᠣᠯ ᠤᠨ | ᠬᠠᠮᠢᠶᠠᠷᠤᠯᠲᠠ ᠶᠢᠨ ᠬᠥᠳᠡᠯᠦᠩᠭᠦᠢ ᠮᠥᠷᠳᠡᠯᠲᠡ ᠶᠢ ᠪᠡᠶᠡᠯᠡᠭᠦᠯᠵᠦ᠂ ᠭᠤᠣᠯ ᠤᠨ ᠵᠠᠮ ᠤᠨ ︽ᠳᠥᠷᠪᠡᠨ ᠵᠢᠷᠤᠮ ᠦᠭᠡᠢ︾ | ᠶᠢ 24 ᠴᠡᠭᠴᠡᠯᠡᠨ ᠵᠠᠰᠠᠵᠤ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠡᠬᠢ ᠡᠭᠦᠰᠦᠯ ᠢ 16 | ᠡᠷᠢᠵᠦ᠂ ᠣᠭᠲᠣᠯᠣᠭᠠᠰᠤ ᠶᠢᠨ ᠤᠰᠤᠨ ᠴᠣᠭᠴᠠ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠵᠦ᠂ ᠨᠣᠮᠢᠨ ᠤᠰᠤ | ᠲᠤᠩᠭᠠᠯᠠᠭ ᠤᠷᠤᠰᠬᠠᠯ ᠲᠠᠢ ᠪᠣᠯᠪᠠ᠃ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠡᠵᠡᠮᠳᠡᠬᠦ ᠠᠵᠢᠯ | ᠢᠯᠡᠳᠲᠡ ᠦᠷ᠎ᠡ ᠪᠦᠲᠦᠮᠵᠢ ᠣᠯᠵᠤ᠂ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠨᠤᠷᠮ᠎ᠠ | 85% ᠬᠦᠷᠴᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠤᠷᠮ᠎ᠠ 91% ᠬᠦᠷᠴᠦ᠂ ᠴᠡᠪᠡᠷ ᠬᠥᠷᠥᠰᠥ | ᠨᠣᠭᠤᠭᠠᠨ ᠭᠠᠵᠠᠷ ᠨᠢ ᠨᠡᠷ᠎ᠡ ᠶᠢᠨ ᠬᠠᠭᠤᠳᠠᠰᠤ ᠪᠣᠯᠪᠠ᠃ | | | ᠬᠥᠲᠥᠯᠥᠭᠴᠢ᠄ | ᠣᠳᠣᠬᠠᠨ ᠳᠤ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ | ᠪᠦᠲᠦᠭᠡᠨ ᠪᠠᠶᠢᠭᠤᠯᠬᠤ ᠤᠴᠢᠷ ᠬᠥᠮᠥᠰ ᠤᠨ ᠠᠩᠬᠠᠷᠤᠯ ᠢ ᠤᠯᠠᠮ ᠠᠴᠠ ᠤᠯᠠᠮ ᠶᠡᠭᠡ ᠲᠠᠲᠠᠬᠤ ᠪᠣᠯᠣᠯ᠎ᠠ᠂ ᠰᠢᠨ᠎ᠡ | ᠬᠤᠲᠠ ᠲᠣᠭᠤᠷᠢᠭ ᠨᠢ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠤ ᠠᠮᠢ | ᠠᠬᠤᠢ ᠶᠢᠨ ᠠᠮᠢᠳᠤᠷᠠᠯ ᠤᠨ ᠰᠢᠰᠲ᠋ᠧᠮᠵᠢ ᠶᠢ ᠬᠡᠷᠬᠢᠨ ᠪᠠᠶᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ | ᠦᠵᠡᠰᠬᠦᠯᠡᠩᠲᠦ ᠰᠠᠶᠢᠬᠠᠨ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠬᠡᠷᠬᠢᠨ ᠲᠦᠯᠬᠢᠨ ᠠᠬᠢᠭᠤᠯᠤᠭᠰᠠᠨ ᠪᠤᠢ︖ | | | | ᠹᠧᠩ ᠶᠦᠨ ᠹᠧᠩ᠄ | ᠰᠢᠨ᠎ᠡ ᠬᠤᠲᠠ ᠲᠣᠭᠤᠷᠢᠭ ᠨᠢ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠭᠡᠷ | ᠣᠷᠣᠨ ᠢ ᠪᠦᠲᠦᠭᠡᠨ ᠪᠠᠶᠢᠭᠤᠯᠬᠤ ᠲᠠᠯ᠎ᠠ ᠪᠠᠷ ︽ᠭᠡᠷ ᠢ ᠥᠭᠡᠷᠡᠴᠢᠯᠡᠵᠦ︾ ᠪᠠᠶᠢᠭᠰᠠᠨ ᠠᠴᠠ ᠪᠠᠨ ︽ᠠᠮᠢᠳᠤᠷᠠᠯ ᠢ | ᠥᠭᠡᠷᠡᠴᠢᠯᠡᠬᠦ︾ ᠪᠣᠯᠭᠠᠨ ᠬᠤᠪᠢᠷᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠪᠠ ᠬᠤᠲᠠ ᠶᠢᠨ | ᠶᠡᠷᠦᠩᠬᠡᠢ ᠳᠦᠷᠢ ᠲᠥᠷᠬᠦ ᠶᠢ ᠳᠡᠭᠡᠭᠰᠢᠯᠡᠭᠦᠯᠪᠡ᠃ | ᠪᠣᠳᠠᠲᠠᠢ ᠪᠠᠷ᠄ | ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠪᠠ᠃ | ᠲᠠᠷᠢᠶᠠᠯᠠᠩ ᠤᠨ ᠲᠣᠯᠣᠭᠠᠶᠢᠯᠠᠭᠴᠢ ᠠᠵᠤ ᠠᠬᠤᠶᠢᠯᠠᠯ 13᠂ ᠬᠤᠷᠰᠢᠶ᠎ᠠ 46᠂ ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠢ 24᠂ ᠵᠠᠯᠠᠨ ᠪᠠᠶᠢᠰᠢᠩ ᠤᠨ ᠰᠤᠳᠤᠯᠵᠤ ᠰᠤᠷᠤᠯᠴᠠᠬᠤ ᠰᠠᠭᠤᠷᠢᠨ ᠭᠠᠵᠠᠷ᠂ ᠭᠤᠷᠪᠠᠨ | ᠪᠠᠶᠢᠰᠢᠩ ᠤᠨ ᠬᠡᠦᠬᠡᠳ ᠤᠨ ᠴᠡᠩᠭᠡᠯ ᠤᠨ ᠬᠦᠷᠢᠶᠡᠯᠡᠩ ᠵᠡᠷᠭᠡ ᠣᠨᠴᠠᠯᠢᠭᠲᠤ ᠲᠥᠷᠥᠯ ᠵᠦᠢᠯ ᠢ ᠬᠥᠭᠵᠢᠶᠡᠨᠲᠡᠢ | ᠡᠵᠡᠩᠨᠡᠵᠦ᠂ ᠬᠠᠯᠠᠭᠠᠢ ᠶᠢᠨ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠠ ᠲᠣᠰᠬᠤ ᠶᠢᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠴᠥᠮ ᠠᠵᠢᠯ ᠡᠬᠢᠯᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠢ ᠪᠠ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠣᠷᠣᠯᠭ᠎ᠠ ᠦᠷᠭᠦᠯᠵᠢᠯᠡᠨ ᠨᠡᠮᠡᠭᠳᠡᠪᠡ᠃ | ᠢᠮᠠᠭᠠᠲᠤ ᠣᠢ ᠰᠢᠭᠤᠢ ᠶᠢᠨ ᠴᠡᠴᠡᠷᠯᠢᠭ ᠤᠨ ᠵᠠᠮ ᠢ ᠥᠭᠡᠷᠡᠴᠢᠯᠡᠨ ᠵᠠᠰᠠᠬᠤ᠂ ᠱᠧᠩ ᠱᠦᠢ ᠯᠢᠶᠠᠩ ᠤᠨ | ᠬᠤᠪᠢᠰᠬᠠᠯᠲᠤ ᠠᠮᠢ ᠠᠬᠤᠢ ᠶᠢᠨ ᠵᠢᠭᠤᠯᠴᠢᠯᠠᠯ ᠤᠨ ᠵᠠᠰᠠᠮᠠᠯ ᠵᠠᠮ ᠢ ᠥᠭᠡᠷᠡᠴᠢᠯᠡᠨ ᠵᠠᠰᠠᠬᠤ ᠠᠵᠢᠯ ᠢ ᠲᠣᠭᠲᠠᠭᠰᠠᠨ | ᠬᠤᠭᠤᠴᠠᠭᠠᠨ ᠳᠤ ᠳᠠᠭᠤᠰᠬᠠᠪᠠ᠃ ᠪᠣᠷᠣᠬᠤᠰᠢᠭᠤ ᠪᠠᠯᠭᠠᠰᠤᠨ ᠤ ᠪᠣᠬᠢᠷ ᠤᠰᠤᠨ ᠤ ᠬᠤᠭᠤᠯᠠᠢ ᠶᠢᠨ ᠲᠣᠣᠷ ᠤᠨ | ᠥᠭᠡᠷᠡᠴᠢᠯᠡᠯᠲᠡ ᠶᠢᠨ ᠠᠵᠢᠯ ᠢ ᠤᠷᠤᠭᠰᠢᠲᠠᠢ ᠳᠠᠭᠤᠰᠬᠠᠵᠤ᠂ ᠬᠠᠷᠠᠴᠢᠨ ᠲᠣᠰᠬᠤᠨ ᠵᠡᠷᠭᠡ 7 ᠭᠠᠵᠠᠷ ᠤᠨ ᠢᠳᠡᠬᠦ | ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠵᠦ᠂ ᠬᠥᠳᠡᠭᠡ | ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠣᠷᠮ᠎ᠠ ᠶᠢ 100% ᠳᠤ ᠬᠦᠷᠭᠡᠵᠦ᠂ ᠤᠰᠤ ᠬᠠᠩᠭᠠᠬᠤ | ᠤᠰᠤ ᠭᠠᠳᠠᠭᠰᠢᠯᠠᠭᠤᠯᠬᠤ ᠶᠢ ᠨᠢᠭᠡ ᠴᠣᠭᠴᠠᠵᠢᠭᠤᠯᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ | ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ | ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ 301 ᠭᠡᠷ ᠤᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ 72.5 | ᠲᠦᠮᠡᠨ ᠲᠡᠭᠰᠢ ᠳᠥᠷᠪᠡᠯᠵᠢᠨ ᠮᠧᠲᠷ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠬᠢᠵᠦ᠂ 18 ᠵᠠᠰᠠᠭ | ᠵᠠᠬᠢᠷᠭᠠᠨ ᠤ ᠲᠣᠰᠬᠤᠨ ᠤ ᠵᠡᠭᠡᠯᠢ ᠳᠠᠭᠠᠤ ᠶᠢᠨ 359 ᠮᠦ ᠭᠠᠵᠠᠷ ᠤᠨ ᠨᠣᠭᠤᠭᠠᠷᠠᠭᠤᠯᠤᠯᠲᠠ ᠶᠢ ᠲᠠᠰ | ᠳᠡᠪᠰᠢᠭᠦᠯᠦᠨ ᠥᠭᠡᠷᠡᠴᠢᠯᠡᠨ ᠰᠠᠶᠢᠵᠢᠷᠠᠭᠤᠯᠵᠤ᠂ ᠰᠢᠶᠠᠩ ᠪᠠᠯᠭᠠᠰᠤᠨ ᠳᠤ ᠴᠠᠷᠳᠠᠮᠠᠯ ᠵᠠᠮ ᠨᠠᠪᠲᠠᠷᠡᠭᠦᠯᠵᠦ᠂ 24 | ᠵᠠᠰᠠᠭ ᠵᠠᠬᠢᠷᠭᠠᠨ ᠤ ᠲᠣᠰᠬᠤᠨ ᠳᠤ ᠴᠠᠷᠳᠠᠮᠠᠯ ᠵᠠᠮ ᠪᠤᠶᠤ ᠱᠦᠢᠨᠢ ᠵᠠᠮ ᠨᠠᠪᠲᠠᠷᠡᠭᠦᠯᠵᠦ᠂ ᠲᠡᠷᠭᠡ ᠨᠡᠪᠲᠡᠷᠡᠭᠰᠡᠨ | ᠨᠣᠷᠮ᠎ᠠ 100% ᠬᠦᠷᠴᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠰᠢᠨ᠎ᠡ ᠪᠠᠷ ᠳᠡᠭᠡᠭᠰᠢᠯᠡᠭᠦᠯᠪᠡ᠃ | ᠬᠤᠶᠠᠷ ᠲᠤ᠂ ᠬᠤᠲᠠ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ᠬᠤᠲᠠ ᠬᠥᠳᠡᠭᠡ ᠶᠢᠨ | ᠬᠥᠭᠵᠢᠯᠲᠡ ᠶᠢᠨ ᠣᠷᠣᠨ ᠵᠠᠢ ᠦᠷᠭᠦᠯᠵᠢᠯᠡᠨ ᠰᠢᠯᠢᠳᠡᠭᠵᠢᠵᠦ᠂ 18 ᠵᠠᠮ ᠢ ᠰᠢᠨ᠎ᠡ ᠪᠠᠷ ᠪᠤᠶᠤ ᠦᠷᠭᠦᠯᠵᠢᠯᠡᠨ | ᠪᠠᠶᠢᠭᠤᠯᠵᠤ᠂ 12 ᠮᠤᠬᠤᠷ ᠵᠠᠮ ᠢ ᠨᠠᠪᠲᠠᠷᠡᠭᠦᠯᠵᠦ᠂ 40 ᠵᠡᠭᠡᠯᠢ ᠶᠢᠨ ᠠᠷᠤ ᠶᠢᠨ ᠵᠢᠵᠢᠭ ᠭᠤᠳᠤᠮᠵᠢ ᠶᠢ | ᠥᠭᠡᠷᠡᠴᠢᠯᠡᠨ ᠵᠠᠰᠠᠵᠤ᠂ ᠬᠤᠲᠠ ᠶᠢᠨ ᠵᠠᠮ ᠬᠠᠷᠢᠯᠴᠠᠭᠠᠨ ᠤ ᠲᠣᠣᠷ ᠤᠯᠠᠮ ᠨᠢᠭᠡ ᠠᠯᠬᠤᠮ ᠰᠠᠭᠠᠳ ᠦᠭᠡᠢ ᠪᠣᠯᠪᠠ᠃ | 70 ᠬᠠᠷᠮᠠᠨ ᠴᠡᠴᠡᠷᠯᠢᠭ᠂ 50 ᠺᠢᠯᠣᠮᠧᠲᠷ ᠤᠨ ᠨᠣᠭᠤᠭᠠᠨ ᠵᠠᠮ ᠢ ᠰᠢᠨ᠎ᠡ ᠪᠠᠷ ᠪᠤᠶᠤ ᠥᠭᠡᠷᠡᠴᠢᠯᠡᠵᠦ ᠥᠷᠭᠡᠳᠬᠡᠨ | ᠪᠠᠶᠢᠭᠤᠯᠵᠤ᠂ 200 ᠭᠠᠷᠤᠢ ᠵᠡᠭᠡᠯᠢ ᠶᠢᠨ ᠥᠨᠴᠥᠭ ᠢ ᠭᠤᠶᠣᠯᠠᠨ ᠴᠢᠮᠡᠵᠦ᠂ 5626 ᠪᠣᠳᠠ ᠮᠣᠳᠣ ᠶᠢ ᠰᠢᠨ᠎ᠡ ᠪᠠᠷ | ᠳᠠᠷᠢᠵᠤ᠂ ᠨᠥᠬᠦᠵᠦ ᠳᠠᠷᠢᠵᠤ᠂ ᠴᠣᠩᠬᠤ ᠪᠠᠷ ᠢᠶᠠᠨ ᠨᠣᠭᠤᠭᠠᠨ ᠢ ᠬᠠᠷᠠᠵᠤ᠂ ᠡᠭᠦᠳᠡ ᠪᠠᠷ ᠭᠠᠷᠤᠮᠠᠭᠴᠠ ᠦᠵᠡᠮᠵᠢ ᠶᠢ | ᠰᠣᠨᠢᠷᠬᠠᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠠᠯᠬᠤᠮ ᠠᠯᠬᠤᠮ ᠢᠶᠠᠷ ᠪᠡᠶᠡᠯᠡᠭᠦᠯᠪᠡ᠃ ᠡᠨᠡ ᠵᠢᠯ 42 | ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ᠂ 47 ︽ᠤᠰᠤ ᠢᠳᠡᠬᠦ ᠳᠤ ᠬᠦᠴᠢᠷ︾ | ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ ᠬᠤᠲᠠ ᠶᠢᠨ ᠲᠣᠭᠤᠷᠢᠭ ᠤᠨ ᠰᠠᠭᠤᠷᠢ | ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠬᠢᠷᠠᠭᠤᠯᠤᠯᠲᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠪᠡ᠃ | ᠭᠤᠷᠪᠠ ᠳᠤ᠂ ᠬᠤᠲᠠ ᠬᠥᠳᠡᠭᠡ ᠶᠢᠨ ᠬᠠᠮᠢᠶᠠᠷᠤᠯᠲᠠ ᠤᠯᠠᠮ ᠨᠠᠷᠢᠯᠢᠭ ᠪᠣᠯᠪᠠ᠃ ᠪᠦᠬᠦ ᠤᠯᠤᠰ ᠤᠨ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠵᠠᠮ ᠬᠠᠷᠢᠯᠴᠠᠭᠠᠨ ᠤ | ᠬᠠᠮᠢᠶᠠᠷᠤᠯᠲᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ | ᠭᠦᠨᠵᠡᠭᠡᠢ ᠥᠷᠨᠢᠭᠦᠯᠪᠡ᠃ ᠠᠢ ᠮᠢᠨ ᠵᠡᠭᠡᠯᠢ᠂ ᠦᠵᠡᠰᠬᠦᠯᠡᠩ ᠤᠨ ᠣᠷᠳᠣᠨ ᠤ ᠵᠡᠭᠦᠨ ᠵᠠᠮ ᠤᠨ ᠬᠤᠶᠢᠲᠤ ᠬᠡᠰᠡᠭ | ᠵᠡᠷᠭᠡ 8 ᠵᠠᠮ ᠤᠨ ᠵᠡᠭᠡᠯᠢ ᠶᠢᠨ ᠦᠵᠡᠮᠵᠢ ᠶᠢ ᠴᠡᠭᠴᠡᠯᠡᠨ ᠵᠠᠰᠠᠵᠤ᠂ ᠵᠦᠩ ᠱᠠᠨ ᠵᠡᠭᠦᠨ ᠵᠠᠮ᠂ ᠰᠢᠯᠢ ᠶᠢᠨ ᠭᠤᠣᠯ | ᠬᠤᠶᠢᠲᠤ ᠵᠠᠮ ᠵᠡᠷᠭᠡ 44 ᠵᠡᠭᠡᠯᠢ ᠶᠢᠨ ᠦᠵᠡᠮᠵᠢ ᠶᠢ ᠭᠡᠷᠡᠯᠲᠦᠭᠦᠯᠵᠦ᠂ ᠨᠢᠭᠡ ᠵᠡᠭᠡᠯᠢ ᠨᠢᠭᠡ ᠦᠵᠡᠮᠵᠢ ᠶᠢᠨ ᠦᠷ᠎ᠡ | ᠪᠦᠲᠦᠮᠵᠢ ᠠᠩᠬ᠎ᠠ ᠢᠯᠡᠷᠡᠪᠡ᠃ ᠬᠥᠬᠡᠬᠤᠲᠠ ᠥᠷᠲᠡᠭᠡ ᠶᠢᠨ ᠪᠣᠰᠤᠭ᠎ᠠ ᠴᠣᠭᠴᠠᠲᠤ ᠲᠡᠷᠭᠡᠨ ᠵᠣᠭᠰᠣᠭᠠᠯ ᠢ | ᠰᠢᠨ᠎ᠡ ᠪᠠᠷ ᠪᠠᠶᠢᠭᠤᠯᠵᠤ᠂ 55 ᠲᠡᠷᠭᠡᠨ ᠵᠣᠭᠰᠣᠭᠠᠯ ᠢ ᠰᠢᠨ᠎ᠡ ᠪᠠᠷ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ | ᠲᠡᠷᠭᠡ ᠵᠣᠭᠰᠣᠬᠤ ᠵᠣᠭᠰᠣᠭᠠᠯ ᠢ 5991 ᠨᠡᠮᠡᠭᠳᠡᠭᠦᠯᠵᠦ᠂ 2100 ᠴᠠᠬᠢᠯᠭᠠᠨ ᠴᠡᠨᠡᠭᠯᠡᠬᠦ ᠪᠠᠭᠠᠨ᠎ᠠ ᠶᠢ ᠪᠣᠰᠬᠠᠵᠤ᠂ | ᠲᠦᠷᠢᠶᠡᠰᠦᠯᠡᠬᠦ ᠪᠠ ᠪᠣᠷᠣᠯᠠᠭᠤᠯᠬᠤ ᠶᠢ ᠵᠡᠷᠭᠡ ᠪᠠᠷ ᠴᠢᠬᠤᠯᠠᠴᠢᠯᠠᠭᠰᠠᠨ᠂ ᠴᠠᠭ ᠵᠥᠷᠢᠭᠦᠯᠦᠨ ᠬᠠᠮᠲᠤ ᠪᠠᠷ ᠡᠳ᠋ᠯᠡᠬᠦ | ᠲᠡᠷᠭᠡᠨ ᠵᠣᠭᠰᠣᠭᠠᠯ ᠢ 1.8 ᠲᠦᠮᠡ ᠪᠣᠯᠭᠠᠪᠠ᠃ 17 ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢ | ᠨᠡᠶᠢᠳᠬᠡᠨ ᠲᠠᠰ ᠳᠡᠪᠰᠢᠭᠦᠯᠦᠨ ᠥᠭᠡᠷᠡᠴᠢᠯᠡᠵᠦ᠂ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠬᠤᠣᠷ | ᠦᠭᠡᠶᠢᠳᠡᠭᠦᠯᠦᠨ ᠰᠢᠢᠳᠪᠦᠷᠢᠯᠡᠬᠦ ᠨᠣᠷᠮ᠎ᠠ ᠶᠢ 100% ᠬᠦᠷᠭᠡᠪᠡ᠃ ᠲᠤᠰᠬᠠᠶᠢᠵᠢᠭᠰᠠᠨ ᠠᠳᠠᠯ ᠠᠬᠤᠢ ᠶᠢᠨ | ᠬᠠᠮᠢᠶᠠᠷᠤᠯᠲᠠ ᠲᠠᠢ ᠬᠤᠷᠢᠶᠠᠯᠠᠯ 627 ᠬᠦᠷᠴᠦ᠂ ᠬᠠᠮᠢᠶᠠᠷᠬᠤ ᠬᠥᠮᠥᠨ ᠦᠭᠡᠢ ᠬᠤᠷᠢᠶᠠᠯᠠᠯ ᠢ ᠠᠭᠠᠵᠢᠮ ᠢᠶᠠᠷ ᠦᠭᠡᠢ | ᠪᠣᠯᠭᠠᠪᠠ᠃ ᠭᠤᠷᠪᠠᠨ ᠬᠡᠮᠵᠢᠯ ᠤᠨ ᠬᠤᠲᠠ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠵᠤ᠂ ᠬᠤᠲᠠ ᠶᠢᠨ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ | | | ᠬᠥᠲᠥᠯᠥᠭᠴᠢ᠄ | ᠰᠢᠨ᠎ᠡ ᠬᠤᠲᠠ ᠲᠣᠭᠤᠷᠢᠭ ᠤᠨ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠨᠢ ᠬᠡᠯᠪᠡᠷᠢ ᠪᠠᠨ | ᠬᠤᠪᠢᠷᠠᠭᠤᠯᠬᠤ ᠱᠠᠲᠤᠨ ᠳᠤ ᠣᠷᠣᠰᠢᠵᠤ ᠪᠠᠶᠢᠭᠰᠠᠭᠠᠷ᠂ ᠬᠤᠪᠢᠷᠠᠭᠤᠯᠬᠤ ᠣᠨᠣᠯᠵᠢᠬᠤᠨ ᠨᠢ ᠶᠠᠭᠤ ᠪᠤᠢ︖ | ᠣᠳᠣᠬᠠᠨ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | | | ᠹᠧᠩ ᠶᠦᠨ ᠹᠧᠩ᠄ | ᠣᠶᠢᠷ᠎ᠠ ᠶᠢᠨ ᠵᠢᠯ ᠤᠨ ᠲᠤᠷᠰᠢ᠂ ᠰᠢᠨ᠎ᠡ ᠬᠤᠲᠠ ᠲᠣᠭᠤᠷᠢᠭ ᠪᠦᠬᠦ ᠲᠣᠭᠤᠷᠢᠭ ᠤᠨ ᠬᠦᠴᠦᠨ ᠢᠶᠠᠷ ᠢᠶᠠᠷ | ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ ᠤᠨ ᠪᠣᠬᠢᠷᠲᠤᠯ | ᠦᠭᠡᠢ ᠪᠦᠲᠦᠴᠡ ᠳᠤ ᠬᠡᠯᠪᠡᠷᠢ ᠪᠠᠨ ᠬᠤᠪᠢᠷᠠᠭᠤᠯᠬᠤ ᠶᠢ ᠬᠦᠴᠦᠲᠡᠢ ᠲᠦᠯᠬᠢᠨ ᠠᠬᠢᠭᠤᠯᠵᠤ᠂ ᠲᠠᠷᠢᠶᠠᠯᠠᠩ | ᠠᠭᠠᠵᠢᠮ ᠢᠶᠠᠷ ᠬᠤᠲᠠ ᠶᠢᠨ ᠲᠠᠷᠢᠶᠠᠯᠠᠩ᠂ ᠠᠮᠢ ᠠᠬᠤᠢ ᠶᠢᠨ ᠲᠠᠷᠢᠶᠠᠯᠠᠩ ᠵᠦᠭ ᠬᠤᠪᠢᠷᠠᠵᠤ᠂ ᠠᠵᠤ ᠦᠢᠯᠡᠳᠪᠦᠷᠢ | ᠠᠭᠠᠵᠢᠮ ᠢᠶᠠᠷ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠣᠳᠣ ᠦᠶ᠎ᠡ ᠶᠢᠨ ᠦᠢᠯᠡᠳᠬᠦ ᠦᠢᠯᠡᠰ ᠵᠦᠭ | ᠬᠤᠪᠢᠷᠠᠵᠤ᠂ ᠦᠢᠯᠡᠴᠢᠯᠡᠭᠡᠨ ᠤ ᠦᠢᠯᠡᠰ ᠠᠭᠠᠵᠢᠮ ᠢᠶᠠᠷ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠵᠦᠭ | ᠬᠤᠪᠢᠷᠠᠪᠠ᠃ | | | ᠪᠣᠳᠠᠲᠠᠢ ᠪᠠᠷ᠄ | ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢᠯᠡᠳᠲᠡ ᠦᠷ᠎ᠡ ᠪᠦᠲᠦᠮᠵᠢ | ᠣᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠨᠢ ︽1 + 3︾ ᠠᠵᠤ ᠦᠢᠯᠡᠰ ᠤᠨ | ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠳᠡᠭᠡᠳᠦ ᠨᠠᠷᠢᠯᠢᠭ ᠰᠢᠯᠢᠳᠡᠭ ᠠᠵᠤ ᠦᠢᠯᠡᠰ ᠤᠨ ᠰᠢᠨ᠎ᠡ ᠬᠥᠳᠡᠯᠭᠡᠬᠦ | ᠬᠦᠴᠦᠨ ᠢ ᠭᠤᠣᠯᠳᠠᠯᠭ᠎ᠠ ᠲᠠᠢ ᠪᠣᠶᠢᠵᠢᠭᠤᠯᠵᠤ᠂ ᠣᠳᠣᠬᠠᠨ ᠳᠤ ᠬᠤᠸᠠ ᠸᠧᠢ ᠶᠢᠨ ᠥᠪᠥᠷ ᠮᠣᠩᠭᠤᠯ ᠣᠷᠣᠨ | ᠪᠦᠰᠡ ᠶᠢᠨ ᠶᠡᠷᠦᠩᠬᠡᠢ ᠬᠡᠯᠲᠡᠰ᠂ ᠰᠠᠨᠰᠠᠷ ᠤᠨ ᠠᠶᠠᠯᠠᠯ ᠤᠨ ᠵᠢᠷᠭᠤᠳᠤᠭᠠᠷ ᠬᠦᠷᠢᠶᠡᠯᠡᠩ ᠤᠨ ᠶᠡᠷᠦᠩᠬᠡᠢ ᠬᠡᠯᠲᠡᠰ ᠤᠨ | ᠰᠠᠭᠤᠷᠢᠨ ᠭᠠᠵᠠᠷ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠰᠢᠨ᠎ᠡ ᠡᠨᠧᠷᠭᠢ ᠶᠢᠨ ᠤᠮᠠᠷᠠᠲᠤ ᠶᠢᠨ | ᠰᠤᠳᠤᠯᠬᠤ ᠲᠥᠪ ᠵᠡᠷᠭᠡ ᠪᠠᠷ ᠲᠥᠯᠥᠭᠡᠯᠡᠭᠦᠯᠦᠭᠰᠡᠨ ᠴᠢᠳᠠᠮᠵᠢ ᠶᠢᠨ ᠬᠡᠯᠪᠡᠷᠢ᠂ ᠣᠷᠣᠨ ᠪᠦᠰᠡ ᠶᠢᠨ ᠬᠡᠯᠪᠡᠷᠢ ᠶᠢᠨ | ᠶᠡᠷᠦᠩᠬᠡᠢ ᠬᠡᠯᠲᠡᠰ ᠵᠠᠯᠭᠠᠭ᠎ᠠ ᠪᠠᠷ ᠠᠰᠢᠭᠯᠠᠯᠲᠠ ᠳᠤ ᠣᠷᠣᠪᠠ᠃ ᠮᠠᠰᠢᠨ ᠲᠡᠷᠭᠡᠨ ᠤ ᠵᠡᠭᠦᠨ ᠥᠷᠲᠡᠭᠡ ᠶᠢᠨ ᠡᠮᠦᠨ᠎ᠡ | ᠲᠠᠯᠠᠪᠠᠢ ᠵᠡᠷᠭᠡ 30 ᠲᠦᠮᠡᠨ ᠲᠡᠭᠰᠢ ᠳᠥᠷᠪᠡᠯᠵᠢᠨ ᠮᠧᠲᠷ ᠰᠤᠯᠠ ᠠᠰᠠᠷ ᠢ ᠠᠮᠢᠯᠠᠭᠤᠯᠵᠤ᠂ ᠮᠧᠩ ᠨᠢᠦ ᠰᠦ ᠶᠢᠨ | ᠠᠵᠤ ᠦᠢᠯᠡᠰ ᠤᠨ ᠬᠡᠯᠬᠢᠶ᠎ᠡ ᠶᠢᠨ ᠲᠣᠮᠣ ᠠᠰᠠᠷ᠂ ᠬᠥᠬᠡᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ | ᠦᠢᠯᠡᠰ ᠤᠨ ᠬᠦᠷᠢᠶᠡᠯᠡᠩ ᠢ ᠪᠠᠶᠢᠭᠤᠯᠵᠤ᠂ ᠪᠡᠭᠡᠵᠢᠩ ᠤᠨ ᠱᠢ ᠹᠧᠩ ᠰᠢᠨᠵᠢᠯᠡᠬᠦ ᠤᠬᠠᠭᠠᠨ ᠮᠡᠷᠭᠡᠵᠢᠯ᠂ | ᠤᠯᠤᠰ ᠤᠨ ᠬᠤᠯᠪᠣᠭᠠᠨ ᠤ ᠬᠤᠪᠢ ᠣᠷᠣᠭᠤᠯᠤᠭᠰᠠᠨ ᠵᠡᠷᠭᠡ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | ᠲᠦᠷᠭᠡᠨ ᠲᠥᠪᠯᠡᠷᠡᠭᠦᠯᠪᠡ᠃ | ︽ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠲᠡ ᠲᠠᠢ ᠰᠢᠨ᠎ᠡ ᠬᠤᠲᠠ︾ ᠨᠠᠷᠠᠲᠤ ᠲᠡᠮᠳᠡᠭᠲᠦ ᠶᠢᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠵᠧᠵᠢᠶᠠᠩ ᠤᠨ ᠴᠢᠩᠬᠤᠸᠠ ᠬᠥᠬᠡᠮᠥ᠋ᠷᠡᠨ ᠤ ᠭᠤᠷᠪᠠᠯᠵᠢᠨ ᠬᠤᠶᠢᠭ ᠤᠨ | ᠰᠤᠳᠤᠯᠭᠠᠨ ᠤ ᠬᠦᠷᠢᠶᠡᠯᠡᠩ ᠤᠨ ᠥᠪᠥᠷ ᠮᠣᠩᠭᠤᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠤᠳᠤᠯᠭᠠᠨ ᠤ | ᠲᠥᠪ ᠪᠠ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠤᠳᠤᠮᠯᠠᠯ ᠤᠨ | ᠡᠳ᠋ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠢ ᠪᠠᠶᠢᠭᠤᠯᠪᠠ᠃ ᠬᠦᠴᠦᠨ ᠲᠠᠢ ᠡᠭᠦᠳᠦᠯᠲᠡ ᠶᠢᠨ | ᠲᠤᠰᠬᠠᠢ ᠠᠰᠢᠭ ᠤᠨ ᠶᠡᠷᠦᠩᠬᠡᠢ ᠲᠤᠭ᠎ᠠ ᠨᠡᠶᠢᠲᠡ 896 ᠬᠦᠷᠴᠦ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ | ᠪᠦᠲᠦᠭᠰᠡᠨ ᠪᠦᠬᠦ ᠲᠤᠭ᠎ᠠ 1.6 ᠳ᠋ᠦᠩᠰᠢᠭᠤᠷ ᠲᠥᠭᠦᠷᠢᠭ ᠬᠦᠷᠪᠡ᠃ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 29᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ 36᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ | ᠠᠵᠤ ᠠᠬᠤᠶᠢᠯᠠᠯ 10 ᠶᠢ ᠦᠨᠡᠯᠡᠨ ᠲᠣᠭᠲᠠᠭᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠳᠤ ᠣᠷᠣᠵᠤ | ᠰᠠᠭᠤᠭᠰᠠᠨ ᠠᠵᠤ ᠠᠬᠤᠶᠢᠯᠠᠯ 313 ᠪᠣᠯᠵᠤ᠂ ᠡᠵᠡᠩᠨᠡᠯᠲᠡ ᠶᠢᠨ ᠣᠷᠣᠯᠭ᠎ᠠ 38 ᠳ᠋ᠦᠩᠰᠢᠭᠤᠷ ᠲᠥᠭᠦᠷᠢᠭ | ᠬᠦᠷᠴᠦ᠂ ᠶᠡᠷᠦᠩᠬᠡᠢ ᠬᠡᠯᠲᠡᠰ ᠤᠨ ᠠᠵᠤ ᠠᠬᠤᠢ ᠪᠠ ᠲᠣᠭᠠᠴᠢᠯᠠᠭᠰᠠᠨ ᠠᠵᠤ ᠦᠢᠯᠡᠰ ᠨᠢ ᠨᠢᠭᠡᠨᠲᠡ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠭᠦᠷ ᠪᠣᠯᠤᠭᠰᠠᠨ ᠪᠠᠶᠢᠨ᠎ᠠ᠃ | ︵ᠬᠤᠶᠠᠷ︶ ᠣᠨᠴᠠᠯᠢᠭᠲᠤ ᠲᠠᠷᠢᠶᠠᠯᠠᠩ ᠤᠨ ᠶᠠᠰᠤ ᠴᠢᠨᠠᠷ ᠳᠡᠭᠡᠭᠰᠢᠯᠡᠨ ᠦᠷ᠎ᠡ ᠠᠰᠢᠭ ᠨᠡᠮᠡᠭᠳᠡᠪᠡ᠃ | ᠳᠠᠪᠠᠭᠤᠯᠢᠭ ᠣᠨᠴᠠᠯᠢᠭᠲᠤ ᠠᠮᠢ ᠠᠬᠤᠢ ᠶᠢᠨ ᠲᠠᠷᠢᠶᠠᠯᠠᠩ ᠢ ᠴᠢᠬᠤᠯᠠᠴᠢᠯᠠᠵᠤ᠂ ᠳᠠᠪᠠᠭᠤᠯᠢᠭ ᠠᠵᠤ ᠦᠢᠯᠡᠰ ᠢ | ᠲᠠᠰᠤᠷᠠᠯᠲᠠ ᠦᠭᠡᠢ ᠥᠷᠭᠡᠳᠬᠡᠪᠡ᠃ ᠵᠣᠬᠢᠶᠠᠨ ᠪᠠᠶᠢᠭᠤᠯᠵᠤ ᠬᠥᠲᠥᠯᠥᠨ ᠳᠠᠭᠠᠭᠤᠯᠬᠤ᠂ ᠮᠡᠷᠭᠡᠵᠢᠯ ᠤᠨ ᠦᠢᠯᠡᠴᠢᠯᠡᠭᠡ᠂ | ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠᠷ ᠭᠤᠣᠯ ᠭᠠᠷᠳᠠᠴᠠ ᠪᠣᠯᠭᠠᠵᠤ᠂ ᠰᠢᠨ᠎ᠡ ᠬᠤᠳᠠ ᠲᠣᠭᠤᠷᠢᠭ ᠤᠨ ᠠᠮᠢ | ᠠᠬᠤᠢ ᠶᠢᠨ ᠲᠠᠷᠢᠶᠠᠯᠠᠩ ᠳᠤ ︽ᠦᠢᠯᠡᠳᠪᠦᠷᠢᠯᠡᠯ ᠤᠨ ᠡᠮᠦᠨ᠎ᠡ + ᠦᠢᠯᠡᠳᠪᠦᠷᠢᠯᠡᠯ ᠤᠨ ᠳᠤᠮᠳᠠ + | ᠦᠢᠯᠡᠳᠪᠦᠷᠢᠯᠡᠯ ᠤᠨ ᠳᠠᠷᠠᠭᠠᠬᠢ︾ ᠪᠦᠬᠦ ᠬᠡᠯᠬᠢᠶᠡᠨ ᠤ ᠦᠢᠯᠡᠴᠢᠯᠡᠭᠡ ᠬᠠᠩᠭᠠᠪᠠ᠃ ᠡᠷᠳᠡᠨᠢ ᠰᠢᠰᠢ᠂ ᠭᠦᠵᠡᠯᠵᠡᠭᠡᠨ᠎ᠡ᠂ | ᠢᠩᠲᠣᠣᠷ᠂ ᠬᠤᠨᠢᠨ ᠤ ᠭᠡᠳᠡᠰᠦᠨ ᠪᠠᠺᠲ᠋ᠧᠷᠢ ᠵᠡᠷᠭᠡ ᠡᠯ᠎ᠡ ᠵᠦᠢᠯ ᠤᠨ ᠨᠣᠭᠤᠭ᠎ᠠ ᠵᠢᠮᠢᠰ ᠬᠤᠸᠠᠷ ᠴᠡᠴᠡᠭ ᠢ ᠶᠡᠬᠡᠪᠡᠷ | ᠪᠣᠶᠢᠵᠢᠭᠤᠯᠵᠤ᠂ ︽1+N︾ ᠠᠵᠢᠯ ᠤᠨ ᠵᠠᠭᠪᠤᠷ ᠢ ᠬᠡᠷᠡᠭᠵᠢᠭᠦᠯᠪᠡ᠃ ︽ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ + ᠬᠤᠷᠰᠢᠶ᠎ᠠ + ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢ | ᠬᠡᠷᠡᠭᠵᠢᠭᠦᠯᠵᠦ᠂ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢᠨ ᠵᠢᠷᠤᠮ ᠲᠠᠢ ᠲᠠᠷᠢᠬᠤ᠂ ᠪᠣᠬᠢᠷᠲᠤᠯ ᠦᠭᠡᠢ | ᠲᠠᠷᠢᠬᠤ ᠶᠢ ᠵᠢᠯᠣᠭᠤᠳᠪᠠ᠃ ᠠᠮᠢ ᠠᠬᠤᠢ ᠶᠢᠨ ᠲᠠᠷᠢᠶᠠᠯᠠᠩ ᠤᠨ ᠠᠵᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠰᠢᠢᠳᠪᠦᠷᠢᠯᠡᠬᠦ ᠲᠥᠪ ᠢ | ᠪᠦᠬᠦ ᠲᠠᠯ᠎ᠠ ᠪᠠᠷ ᠲᠡᠰ ᠳᠡᠪᠰᠢᠭᠦᠯᠵᠦ᠂ ᠲᠠᠷᠢᠮᠠᠯ ᠤᠨ ᠬᠦᠷᠢᠶᠡᠯᠡᠩ ᠤᠨ ᠭᠠᠷᠤᠯᠲᠠ ᠪᠠᠨ ᠨᠡᠮᠡᠭᠳᠡᠭᠦᠯᠦᠨ ᠬᠡᠪᠴᠢᠶ᠎ᠡ ᠪᠠᠨ | ᠥᠷᠭᠡᠳᠬᠡᠵᠦ᠂ ︽ᠨᠢᠭᠡ ᠲᠣᠰᠬᠤᠨ ᠨᠢᠭᠡ ᠪᠦᠲᠦᠭᠡᠭᠳᠡᠬᠦᠨ ᠨᠢᠭᠡ ᠦᠢᠯᠡᠰ︾ ᠤᠨ ᠠᠵᠤ ᠦᠢᠯᠡᠰ ᠤᠨ ᠪᠠᠶᠢᠷᠢᠰᠢᠯ ᠢ | ᠤᠯᠠᠨ ᠲᠠᠯ᠎ᠠ ᠪᠠᠷ ᠬᠥᠭᠵᠢᠭᠦᠯᠵᠦ᠂ ︽ᠨᠡᠷᠡᠳᠦ ᠣᠨᠴᠠ ᠰᠢᠯᠢᠳᠡᠭ ᠰᠢᠨ᠎ᠡ︾᠂ ᠪᠣᠬᠢᠷᠲᠤᠯ ᠦᠭᠡᠢ ᠲᠠᠷᠢᠶᠠᠯᠠᠩ ᠤᠨ | ᠪᠦᠲᠦᠭᠡᠭᠳᠡᠬᠦᠨ ᠤ ᠭᠡᠷᠡᠴᠢᠯᠡᠯ ᠬᠢᠵᠦ᠂ ᠠᠮᠢ ᠠᠬᠤᠢ ᠶᠢᠨ ᠲᠠᠷᠢᠶᠠᠯᠠᠩ ᠤᠨ ᠠᠵᠤ ᠦᠢᠯᠡᠰ ᠤᠨ ᠳᠠᠪᠠᠭᠤᠯᠢᠭ ᠢ | ᠥᠷᠭᠡᠳᠬᠡᠪᠡ᠃ | ︵ᠭᠤᠷᠪᠠ︶ ᠲᠠᠷᠢᠶᠠᠯᠠᠩ ᠰᠣᠶᠣᠯ ᠵᠢᠭᠤᠯᠴᠢᠯᠠᠯ ᠤᠨ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ | ᠠᠭᠤᠰᠤᠯᠴᠠᠨ ᠬᠥᠭᠵᠢᠪᠡ᠃ ᠮᠧᠩ ᠼᠤᠤ ᠡᠪᠡᠰᠦᠨ ᠦᠷ᠎ᠡ ᠶᠢᠨ ᠴᠡᠩᠭᠡᠯ ᠤᠨ ᠬᠦᠷᠢᠶᠡᠯᠡᠩ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠱᠧᠩ ᠱᠦᠢ ᠯᠢᠶᠠᠩ ᠵᠢᠦ ᠯᠦᠩ ᠸᠠᠨ ᠢ ᠨᠢᠭᠡ ᠴᠣᠭᠴᠠᠵᠢᠭᠤᠯᠤᠨ ᠡᠵᠡᠩᠨᠡᠪᠡ᠃ | ᠣᠪᠣᠭ᠎ᠠ ᠰᠣᠶᠣᠯ ᠵᠢᠭᠤᠯᠴᠢᠯᠠᠯ ᠤᠨ ᠣᠷᠣᠨ᠂ ᠤᠰᠤᠨ ᠲᠡᠭᠡᠷᠡᠮ᠎ᠡ ᠲᠠᠮᠢᠷ ᠤᠨ ᠬᠥᠳᠡᠯᠭᠡᠭᠡᠨ ᠰᠡᠯᠡᠭᠦᠴᠡᠯ ᠤᠨ ᠵᠢᠵᠢᠭ | ᠪᠠᠯᠭᠠᠰᠤ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠭᠠᠵᠠᠷ ᠢ ᠣᠯᠠᠨ ᠨᠡᠭᠡᠭᠡᠵᠦ᠂ ᠳᠠᠯᠠᠨ ᠬᠠᠷ᠎ᠠ ᠠᠭᠤᠯᠠ ᠶᠢᠨ | ᠤᠯᠤᠰ ᠤᠨ ᠠᠭᠤᠯᠠ ᠠᠪᠠᠷᠢᠵᠤ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠨᠢ ︽ ᠠᠭᠤᠯᠠᠨ ᠳᠤ ᠭᠠᠷᠴᠤ ᠨᠠᠷᠠ | ᠬᠠᠷᠠᠬᠤ︾ ᠰᠦᠯᠵᠢᠶᠡᠨ ᠤ ᠰᠣᠳᠣᠨ ᠭᠠᠵᠠᠷ ᠪᠣᠯᠵᠤ᠂ ᠰᠡᠯᠡᠭᠦᠴᠡᠯ ᠬᠡᠭᠡᠷ᠎ᠡ ᠪᠠᠭᠤᠳᠠᠯᠯᠠᠬᠤ ᠭᠠᠵᠠᠷ ᠵᠠᠯᠭᠠᠭ᠎ᠠ ᠪᠠᠷ | ᠠᠵᠢᠯᠯᠠᠵᠤ᠂ ᠠᠶᠢᠯ ᠪᠠᠭᠤᠴᠠ ᠶᠢᠨ ᠠᠵᠤ ᠠᠬᠤᠢ᠂ ᠮᠠᠶᠢᠬᠠᠨ ᠵᠡᠷᠭᠡ ᠨᠢ ᠬᠤᠲᠠ ᠶᠢᠨ ᠠᠷᠠᠳ ᠤᠨ ᠪᠠᠶᠢᠭᠠᠯᠢ ᠲᠠᠢ | ᠣᠶᠢᠷᠠᠲᠤᠬᠤ ᠰᠢᠨ᠎ᠡ ᠤᠷᠤᠰᠬᠠᠯ ᠪᠣᠯᠤᠭᠰᠠᠨ ᠪᠠᠶᠢᠨ᠎ᠠ᠃ ︽ᠪᠤᠭᠤᠷᠤᠯ ᠲᠡᠦᠬᠡ ᠶᠢᠨ ᠬᠥᠯᠥᠭ ᠤᠨ ᠮᠠᠭᠲᠠᠭᠠᠯ︾ | ︽ᠲᠠᠯ᠎ᠠ ᠨᠤᠲᠤᠭ ᠲᠤ ᠲᠠᠬᠢᠨ ᠵᠣᠯᠭᠠᠶ᠎ᠠ︾ ᠵᠡᠷᠭᠡ ᠰᠣᠳᠣᠨ ᠲᠣᠭᠯᠠᠯᠲᠠ ᠨᠢ ᠬᠥᠮᠥᠰ ᠤᠨ ᠪᠠᠬ᠎ᠠ ᠶᠢ ᠲᠠᠲᠠᠵᠤ᠂ | ︽ᠴᠡᠯᠡᠭᠡᠷ ᠲᠠᠯ᠎ᠠ︾ ᠶᠢᠨ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠢᠷᠠᠭᠤ ᠠᠯᠳᠠᠷ ᠤᠨ ᠬᠡᠮᠵᠢᠶ᠎ᠡ ᠡᠳᠦᠷ | ᠢᠷᠡᠬᠦᠶ᠎ᠡ ᠳᠡᠭᠡᠭᠰᠢᠯᠡᠪᠡ᠃ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ 5 ᠳ᠋ᠤᠭᠠᠷ | ᠰᠠᠷ᠎ᠠ ᠠᠴᠠ 8 ᠳ᠋ᠤᠭᠠᠷ ᠰᠠᠷ᠎ᠠ ᠪᠣᠯᠲᠠᠯ᠎ᠠ᠂ ᠳᠠᠭᠤᠨ ᠤ ᠲᠣᠭᠯᠠᠯᠲᠠ ᠪᠠᠷ 300 ᠲᠦᠮᠡ ᠰᠢᠬᠠᠮ ᠬᠥᠮᠥᠨ ᠤᠳᠠᠭ᠎ᠠ | ᠬᠥᠬᠡᠬᠤᠲᠠ ᠳᠤ ᠵᠢᠭᠤᠯᠴᠢᠯᠠᠵᠤ᠂ ᠵᠢᠭᠤᠯᠴᠢᠯᠠᠯ ᠤᠨ ᠣᠷᠣᠯᠭ᠎ᠠ ᠶᠢ 23.08 ᠳ᠋ᠦᠩᠰᠢᠭᠤᠷ ᠲᠥᠭᠦᠷᠢᠭ ᠳᠠᠶᠢᠴᠢᠯᠠᠪᠠ᠃ | ᠣᠪᠣᠭ᠎ᠠ ᠲᠣᠰᠬᠤᠨ ᠭᠤᠷᠪᠠᠳᠤᠭᠠᠷ ᠪᠦᠯᠦᠭ ᠤᠨ ᠤᠯᠤᠰ ᠤᠨ ᠲᠠᠰ ᠤᠨ ᠰᠥᠨᠢ ᠶᠢᠨ ᠰᠣᠶᠣᠯ ᠪᠠ | ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠢᠶᠠᠷ ᠰᠣᠩᠭᠤᠭᠳᠠᠵᠤ᠂ ᠰᠢᠨ᠎ᠡ ᠬᠤᠲᠠ ᠲᠣᠭᠤᠷᠢᠭ ᠨᠢ | ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ | ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠳᠤ ᠰᠣᠩᠭᠤᠭᠳᠠᠪᠠ᠃ | | | ᠬᠠᠮᠢᠶᠠᠷᠤᠭᠴᠢ᠄ | ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠥᠷᠪᠡᠳᠦᠭᠡᠷ ᠲᠡᠰ ᠤᠨ | ᠪᠠᠶᠢᠴᠠᠭᠠᠨ ᠰᠤᠳᠤᠯᠤᠭᠴᠢ ᠹᠧᠩ ᠶᠦᠨ ᠹᠧᠩ ᠲᠤ ᠲᠠᠯᠠᠷᠬᠠᠯ᠎ᠠ᠂ ᠡᠨᠡ ᠤᠳᠠᠭᠠᠨ ᠤ ᠰᠣᠷᠪᠤᠯᠵᠢᠯᠠᠭ᠎ᠠ ᠠᠳᠡ | ᠬᠦᠷᠦᠭᠡᠳ ᠥᠨᠳᠥᠷᠯᠡᠯ᠎ᠡ᠂ ᠪᠠᠶᠠᠷᠲᠠᠢ᠃ |