ᠰᠠᠶᠢᠬᠠᠨ ᠲᠣᠭᠤᠷᠢᠭ᠄ ᠢᠯᠴᠢ ᠬᠠᠩᠭᠠᠬᠤ ᠦᠢᠯᠡᠴᠢᠯᠡᠭᠡᠨ ᠤ ᠺᠠᠷᠲ ᠰᠠᠭᠤᠭᠠᠯᠢ ᠠᠷᠠᠳ ᠤᠨ ᠰᠡᠳᠬᠢᠯ ᠢ ᠨᠡᠩ  ᠳᠤᠯᠠᠭᠠᠴᠢᠭᠤᠯᠠᠨ᠎ᠠ
ᠨᠡᠶᠢᠲᠡᠯᠡᠭᠰᠡᠨ ᠴᠠᠭ᠄
2024/11/22
     ᠨᠢᠦ ᠬᠠᠢ ᠹᠧᠩ ᠪᠣᠯ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠸᠠᠩ ᠰᠢᠩ ᠶᠤᠸᠠᠨ ᠨᠡᠶᠢᠭᠡᠮ ᠲᠣᠭᠤᠷᠢᠭ ᠤᠨ ᠲᠣᠣᠷᠵᠢᠯ ᠤᠨ ᠠᠵᠢᠯᠲᠠᠨ᠂ ᠲᠡᠭᠦᠨ ᠤ ᠬᠠᠷᠢᠭᠤᠴᠠᠵᠤ ᠪᠠᠶᠢᠭ᠎ᠠ ᠲᠣᠣᠷᠵᠢᠯ ᠤᠨ ᠳᠣᠲᠣᠷ᠎ᠠ 300 ᠭᠠᠷᠤᠢ ᠡᠷᠦᠬᠡ ᠰᠠᠭᠤᠭᠠᠯᠢ ᠠᠷᠠᠳ ᠪᠠᠶᠢᠵᠤ᠂ ᠢᠯᠴᠢ ᠬᠠᠩᠭᠠᠬᠤ ᠬᠤᠭᠤᠴᠠᠭᠠᠨ ᠳᠤ ᠬᠤᠣᠰ ᠬᠠᠮᠢᠶᠠᠷᠤᠭᠴᠢ ᠲᠠᠢ ᠦᠢᠯᠡᠴᠢᠯᠡᠭᠡ ᠶᠢ ᠡᠬᠢᠯᠡᠭᠦᠯᠦᠭᠰᠡᠨ ᠤ ᠳᠠᠷᠠᠭ᠎ᠠ᠂ ᠰᠠᠭᠤᠭᠠᠯᠢ ᠠᠷᠠᠳ ᠤᠨ ᠭᠡᠷ ᠲᠤ ᠬᠦᠷᠴᠦ ᠢᠯᠴᠢ ᠬᠠᠩᠭᠠᠵᠤ ᠪᠠᠶᠢᠭ᠎ᠠ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠨᠡᠶᠢᠭᠡᠮ ᠲᠣᠭᠤᠷᠢᠭ ᠤᠨ ᠬᠠᠮᠢᠶᠠᠷᠤᠭᠴᠢ ᠶᠢ ᠪᠠᠶᠢᠩᠭᠤᠵᠢᠭᠤᠯᠬᠤ ᠠᠵᠢᠯ ᠪᠣᠯᠤᠭᠰᠠᠨ ᠪᠠᠶᠢᠨ᠎ᠠ᠃ ᠨᠢᠭᠡ ᠰᠠᠷ᠎ᠠ ᠶᠢᠨ ᠡᠮᠦᠨ᠎ᠡ᠂ ᠨᠢᠦ ᠬᠠᠢ ᠹᠧᠩ ᠪᠣᠯᠣᠨ ᠴᠧᠩ ᠹᠠ ᠢᠯᠴᠢ ᠬᠠᠩᠭᠠᠬᠤ ᠬᠥᠭᠦᠷᠭᠡ ᠳᠤ ᠲᠦᠰᠢᠭᠯᠡᠵᠦ ᠪᠠᠶᠢᠭ᠎ᠠ ᠬᠤᠪᠢᠶᠠᠷᠢ ᠺᠣᠮᠫᠠᠨᠢ ᠶᠢᠨ ᠢᠯᠴᠢ ᠬᠠᠩᠭᠠᠬᠤ ᠬᠠᠮᠢᠶᠠᠷᠤᠭᠴᠢ ᠲᠠᠢ ᠬᠠᠮᠲᠤ᠂ ᠡᠷᠦᠬᠡ ᠳᠠᠷᠠᠭᠠᠯᠠᠨ ᠰᠠᠭᠤᠭᠠᠯᠢ ᠠᠷᠠᠳ ᠲᠤ ᠢᠯᠴᠢ ᠬᠠᠩᠭᠠᠬᠤ ᠦᠢᠯᠡᠴᠢᠯᠡᠭᠡᠨ ᠤ ᠺᠠᠷᠲ ᠣᠯᠭᠤᠪᠠ᠃ ᠲᠡᠭᠡᠭᠡᠳ᠂ ᠸᠠᠩ ᠠᠪᠤ ᠶᠢᠨ ᠭᠡᠷ ᠲᠤ ᠬᠤᠶᠠᠷᠬᠠᠨ ᠬᠥᠮᠥᠨ ᠲᠠᠢ ᠪᠣᠯᠤᠭᠰᠠᠨ ᠢ ᠮᠡᠳᠡᠭᠡᠳ ᠶᠠᠮᠠᠷ ᠨᠢᠭᠡᠨ ᠪᠠᠢᠳᠠᠯ ᠲᠠᠢ ᠪᠣᠯ ᠲᠡᠷᠡ ᠳᠠᠷᠤᠢ ᠤᠲᠠᠰᠤᠳᠠᠭᠠᠷᠠᠢ ᠭᠡᠪᠡ᠃ ᠺᠠᠷᠲ ᠢᠶᠠᠨ ᠶᠠᠪᠤᠭᠤᠯᠤᠭᠰᠠᠨ ᠤ ᠳᠠᠷᠠᠭ᠎ᠠ ᠨᠢᠭᠡ ᠭᠠᠷᠠᠭ ᠪᠣᠯᠤᠭ᠎ᠠ ᠦᠭᠡᠢ᠂ ᠢᠯᠴᠢ ᠬᠠᠩᠭᠠᠬᠤ ᠦᠢᠯᠡᠴᠢᠯᠡᠭᠡᠨ ᠤ ᠺᠠᠷᠲ ᠨᠢ ᠬᠡᠷᠡᠭᠯᠡᠯᠲᠡ ᠳᠤ ᠣᠷᠣᠭᠤᠯᠪᠠ᠂ ︽ᠲᠣᠭᠤᠷᠢᠭ ᠲᠤ ᠰᠠᠭᠤᠵᠤ ᠪᠠᠶᠢᠭ᠎ᠠ ᠨᠠᠰᠤᠲᠠᠶᠢᠴᠤᠳ ᠣᠯᠠᠨ ᠪᠠᠶᠢᠪᠠᠯ᠂ ᠢᠯᠡᠭᠦᠬᠡᠨ ᠰᠢᠭ ᠪᠣᠳᠣᠯᠬᠢᠯᠠᠨ᠂ ᠤᠷᠢᠳᠴᠢᠯᠠᠨ ᠠᠰᠠᠭᠤᠬᠤ︾ ᠬᠡᠷᠡᠭᠲᠡᠢ  ︾ ᠭᠡᠵᠦ ᠨᠦ ᠬᠠᠢ ᠹᠠᠨ ᠰᠤᠷᠪᠤᠯᠵᠢᠯᠠᠭᠴᠢ ᠳᠤ  ᠬᠡᠯᠡᠪᠡ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号