| | ᠲᠥᠷᠥ ᠶᠢᠨ ᠶᠠᠪᠤᠳᠠᠯ ᠤᠨ ᠬᠤᠷᠢᠶ᠎ᠠ ︽︿ᠪᠦᠭᠦ ᠤᠯᠤᠰ ᠤᠨ ᠰᠢᠨ᠎ᠡ ᠵᠢᠯ ᠴᠠᠭᠠᠨ ᠰᠠᠷ᠎ᠠ ᠵᠢᠴᠢ ᠪᠠᠶᠠᠷ | ᠳᠤᠷᠠᠰᠬᠠᠯ ᠤᠨ ᠡᠳᠦᠷ ᠠᠮᠠᠷᠠᠯᠲᠠ ᠲᠠᠯᠪᠢᠬᠤ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ ᠵᠢᠴᠢ | 2025 ᠣᠨ ᠤ ᠬᠡᠰᠡᠭ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠡᠳᠦᠷ ᠤᠨ ᠲᠣᠬᠢᠷᠠᠭᠤᠯᠤᠯᠲᠠ ᠶᠢ 11 | ᠰᠠᠷ᠎ᠠ ᠶᠢᠨ 12 ᠤᠨ ᠡᠳᠦᠷ ᠨᠡᠶᠢᠲᠡᠯᠡᠪᠡ᠃ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠠᠩᠬᠠᠷᠴᠤ ᠪᠠᠶᠢᠭ᠎ᠠ | ᠠᠰᠠᠭᠤᠳᠠᠯ ᠤᠨ ᠲᠤᠬᠠᠢ ᠬᠠᠮᠢᠶ᠎ᠠ ᠪᠦᠬᠦᠢ ᠬᠠᠷᠢᠭᠤᠴᠠᠯᠭᠠᠲᠠᠳ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ | ᠰᠣᠷᠪᠤᠯᠵᠢᠯᠠᠭ᠎ᠠ ᠶᠢ ᠬᠦᠯᠢᠶᠡᠪᠡ᠃ | | | ᠠᠰᠠᠭᠤᠯᠲᠠ᠄ ᠡᠨᠡ ᠤᠳᠠᠭ᠎ᠠ ᠥᠭᠡᠷᠡᠴᠢᠯᠡᠯᠲᠡ ᠬᠢᠭᠰᠡᠨ ᠭᠤᠣᠯ ᠠᠬᠤᠢ ᠪᠠᠶᠢᠳᠠᠯ ᠨᠢ ᠶᠠᠭᠤ ᠪᠤᠢ︖ | | | ᠬᠠᠷᠢᠭᠤᠯᠲᠠ᠄ ︽ᠪᠦᠭᠦ ᠤᠯᠤᠰ ᠤᠨ ᠰᠢᠨ᠎ᠡ ᠵᠢᠯ ᠴᠠᠭᠠᠨ ᠰᠠᠷ᠎ᠠ ᠵᠢᠴᠢ ᠪᠠᠶᠠᠷ ᠳᠤᠷᠠᠰᠬᠠᠯ ᠤᠨ ᠡᠳᠦᠷ | ᠠᠮᠠᠷᠠᠯᠲᠠ ᠲᠠᠯᠪᠢᠬᠤ ᠠᠷᠭ᠎ᠠ︾ ᠶᠢ ᠲᠣᠭᠲᠠᠭᠠᠭᠰᠠᠨ ᠠᠴᠠ ᠨᠠᠭᠠᠰᠢ ᠤᠷᠢᠳ ᠬᠤᠵᠢᠳ 1999 ᠣᠨ᠂ 2007 | ᠣᠨ᠂ 2013 ᠣᠨ ᠳᠤ ᠵᠠᠰᠠᠪᠤᠷᠢ ᠣᠷᠣᠭᠤᠯᠪᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠠᠵᠤ | ᠦᠢᠯᠡᠰ ᠤᠨ ᠪᠦᠲᠦᠴᠡ ᠲᠠᠰᠤᠷᠠᠯᠲᠠ ᠦᠭᠡᠢ ᠳᠡᠰ ᠳᠡᠪᠰᠢᠵᠦ᠂ ᠦᠢᠯᠡᠴᠢᠯᠡᠭᠡᠨ ᠤ ᠦᠢᠯᠡᠰ ᠢ ᠬᠦᠨᠳᠦᠳᠬᠡᠬᠦ | ᠬᠡᠮᠵᠢᠶ᠎ᠡ ᠪᠣᠯᠣᠨ ᠦᠢᠯᠡᠳᠪᠦᠷᠢᠯᠡᠯ ᠤᠨ ᠦᠷ᠎ᠡ ᠪᠦᠳᠤᠮᠵᠢ ᠲᠠᠰᠤᠷᠠᠯᠳᠠ ᠦᠭᠡᠢ ᠳᠡᠭᠡᠭᠰᠢᠯᠡᠭᠰᠡᠨ ᠠᠴᠠ | ᠠᠮᠠᠷᠠᠯᠲᠠ ᠶᠢᠨ ᠡᠳᠦᠷ ᠢ ᠨᠡᠮᠡᠭᠳᠡᠭᠦᠯᠬᠦ ᠳᠤ ᠪᠤᠰᠤᠳᠴᠢ ᠲᠠᠯ᠎ᠠ ᠪᠠᠷ ᠨᠥᠬᠦᠴᠡᠯ ᠬᠠᠩᠭᠠᠭᠰᠠᠨ ᠪᠥᠭᠡᠳ ᠪᠠᠰᠠ | ᠵᠣᠬᠢᠬᠤ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠡᠭᠦᠨ ᠤ ᠬᠠᠮᠲᠤ ᠥᠷᠭᠡᠨ ᠣᠯᠠᠨ ᠠᠷᠠᠳ ᠲᠦᠮᠡᠨ | ᠠᠮᠠᠷᠠᠯᠲᠠ ᠶᠢᠨ ᠡᠳᠦᠷ ᠢ ᠨᠡᠮᠡᠭᠳᠡᠭᠦᠯᠬᠦ ᠶᠢ ᠬᠦᠰᠡᠨ ᠱᠠᠭᠠᠷᠳᠠᠵᠤ᠂ ᠣᠶᠢᠷ᠎ᠠ ᠶᠢᠨ ᠵᠢᠯ ᠠᠴᠠ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠦᠭᠦ ᠤᠯᠤᠰ ᠤᠨ ᠬᠤᠶᠠᠷ ᠬᠤᠷᠠᠯ ᠤᠨ ᠰᠠᠨᠠᠯ ᠳᠤᠷᠠᠳᠤᠯᠭ᠎ᠠ ᠰᠠᠨᠠᠭᠤᠯᠭ᠎ᠠ᠂ ᠰᠦᠯᠵᠢᠶᠡᠨ ᠤ | ᠵᠠᠭᠤᠴᠢᠯᠠᠭᠤᠷ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ | ᠳᠠᠮᠵᠢᠭᠤᠯᠤᠨ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠤᠨ ᠡᠮᠬᠢᠯᠡᠵᠦ᠂ ᠠᠮᠠᠷᠠᠯᠲᠠ | ᠲᠠᠯᠪᠢᠬᠤ ᠠᠷᠭ᠎ᠠ ᠳᠤ ᠵᠠᠰᠠᠪᠤᠷᠢ ᠣᠷᠣᠭᠤᠯᠬᠤ ᠳᠤ ᠰᠠᠶᠢᠲᠤᠷ ᠪᠡᠯᠡᠳᠬᠡᠯ ᠬᠢᠭᠰᠡᠨ ᠪᠠᠶᠢᠨ᠎ᠠ᠃ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠴᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠶᠢᠯᠠᠨ | ᠪᠠᠶᠢᠷᠢᠯᠠᠭᠤᠯᠤᠯᠲᠠ ᠬᠢᠪᠡ᠃ | | | ᠠᠰᠠᠭᠤᠯᠲᠠ᠄ ᠡᠨᠡ ᠤᠳᠠᠭ᠎ᠠ ᠵᠠᠰᠠᠪᠤᠷᠢ ᠣᠷᠣᠭᠤᠯᠤᠭᠰᠠᠨ ᠶᠡᠷᠦᠩᠬᠡᠢ ᠪᠣᠳᠣᠯᠬᠢᠯᠠᠯ ᠨᠢ ᠶᠠᠭᠤ ᠪᠤᠢ︖ | | | ᠬᠠᠷᠢᠭᠤᠯᠲᠠ᠄ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ | ᠨᠢ ᠲᠡᠦᠬᠡ ᠰᠣᠶᠣᠯ ᠤᠨ ᠤᠯᠠᠮᠵᠢᠯᠠᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠱᠠᠲᠤ ᠦᠶ᠎ᠡ᠂ ᠠᠵᠤ | ᠦᠢᠯᠡᠰ ᠤᠨ ᠪᠦᠲᠦᠴᠡ ᠶᠢᠨ ᠬᠤᠪᠢᠷᠠᠯᠲᠠ᠂ ᠪᠦᠭᠦ ᠨᠡᠶᠢᠭᠡᠮ ᠤᠨ ᠭᠦᠳᠡᠯᠮᠦᠷᠢ ᠶᠢᠨ ᠦᠷ᠎ᠡ ᠪᠦᠲᠦᠮᠵᠢ᠂ ᠣᠯᠠᠨ | ᠲᠦᠮᠡᠨ ᠤ ᠠᠮᠠᠷᠠᠯᠲᠠ ᠪᠠ ᠰᠡᠯᠡᠭᠦᠴᠡᠯ ᠤᠨ ᠬᠡᠷᠡᠭᠴᠡᠭᠡ ᠵᠢᠴᠢ ᠪᠠᠶᠢᠭᠤᠯᠭ᠎ᠠ ᠨᠢᠭᠡᠴᠢ᠂ ᠬᠥᠮᠥᠨ ᠨᠢᠭᠡᠪᠦᠷᠢ ᠲᠠᠢ | ᠰᠢᠭᠤᠳ ᠬᠤᠯᠪᠣᠭᠳᠠᠨ᠎ᠠ᠂ ᠬᠥᠮᠥᠨ ᠪᠦᠭᠦᠨ ᠤ ᠬᠦᠰᠡᠯ ᠱᠠᠭᠠᠷᠳᠠᠯᠭ᠎ᠠ ᠨᠢ ᠠᠳᠠᠯᠢ ᠪᠤᠰᠤ ᠲᠤᠯᠠ ᠨᠢᠭᠡᠳᠦᠯᠲᠡᠢ | ᠲᠥᠯᠥᠪᠯᠡᠨ ᠪᠣᠳᠣᠯᠬᠢᠯᠠᠬᠤ ᠴᠢᠬᠤᠯᠠᠲᠠᠢ᠃ ᠡᠶᠢᠮᠦ ᠪᠠᠷ ᠢᠶᠠᠨ ᠪᠢᠳᠠ ᠡᠨᠡ ᠤᠳᠠᠭ᠎ᠠ ᠵᠠᠰᠠᠪᠤᠷᠢ ᠣᠷᠤᠭᠤᠯᠬᠤ ᠳᠤ | ᠭᠤᠣᠯᠳᠠᠭᠤ ᠳᠣᠣᠷᠠᠬᠢ ᠮᠡᠲᠦ ᠪᠠᠷ ᠪᠣᠳᠣᠯᠬᠢᠯᠠᠭᠰᠠᠨ ᠪᠠᠶᠢᠨ᠎ᠠ᠄ | ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ᠃ ᠤᠯᠠᠨ ᠵᠢᠯ ᠤᠨ ᠲᠤᠷᠰᠢ᠂ ᠮᠠᠨ ᠤ ᠤᠯᠤᠰ ᠤᠷᠳᠤ ᠣᠬᠤᠷ | ᠠᠮᠠᠷᠠᠯᠲᠠ ᠪᠠ ᠤᠯᠠᠮᠵᠢᠯᠠᠯᠲᠤ ᠪᠠᠶᠠᠷ ᠤᠨ ᠡᠳᠦᠷ ᠤᠨ ᠠᠮᠠᠷᠠᠯᠲᠠ ᠶᠢ ᠬᠠᠮᠲᠤ ᠳᠤᠨᠢ ᠪᠣᠳᠣᠯᠬᠢᠯᠠᠭᠰᠠᠨ | ᠠᠮᠠᠷᠠᠯᠲᠠ ᠶᠢᠨ ᠡᠳᠦᠷ ᠤᠨ ᠲᠣᠬᠢᠷᠠᠭᠤᠯᠤᠯᠲᠠ ᠶᠢᠨ ᠪᠠᠶᠢᠷᠢᠰᠢᠯ ᠢ ᠪᠦᠷᠢᠯᠳᠦᠭᠦᠯᠵᠦ᠂ ᠪᠠᠶᠠᠷ ᠳᠤᠷᠠᠰᠬᠠᠯ ᠤᠨ | ᠠᠮᠠᠷᠠᠯᠲᠠ ᠶᠢᠨ ᠡᠳᠦᠷ ᠤᠨ ᠲᠣᠬᠢᠷᠠᠭᠤᠯᠭ᠎ᠠ ᠶᠢ ᠠᠭᠠᠵᠢᠮ ᠢᠶᠠᠷ ᠰᠢᠯᠢᠳᠡᠭᠵᠢᠭᠦᠯᠦᠨ᠂ ᠠᠵᠤ ᠠᠬᠤᠢ ᠨᠡᠶᠢᠭᠡᠮ ᠤᠨ | ᠡᠮᠬᠢ ᠵᠢᠷᠤᠮ ᠲᠠᠢ ᠡᠷᠭᠢᠯᠲᠡ ᠶᠢ ᠪᠠᠲᠤᠯᠠᠨ᠎ᠠ᠃ | ᠵᠣᠬᠢᠰᠲᠠᠢ ᠪᠠᠷ ᠨᠡᠮᠡᠭᠳᠡᠭᠦᠯᠬᠦ᠃ ᠠᠵᠤ ᠠᠬᠤᠢ ᠨᠡᠶᠢᠭᠡᠮ ᠤᠨ ᠬᠥᠭᠵᠢᠯᠲᠡ᠂ ᠠᠮᠢᠳᠤᠷᠠᠯ ᠤᠨ ᠬᠢᠷᠢ ᠲᠦᠪᠰᠢᠨ | ᠢᠳᠡᠭ ᠢᠳᠡᠭ ᠢᠶᠠᠷ ᠳᠡᠭᠡᠭᠰᠢᠯᠡᠬᠦ ᠶᠢ ᠳᠠᠭᠠᠯᠳᠤᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠢ ᠰᠢᠯᠢᠳᠡᠭᠵᠢᠭᠦᠯᠬᠦ | ᠨᠢ ᠣᠯᠠᠨ ᠲᠦᠮᠡᠨ ᠤ ᠠᠮᠠᠷᠠᠵᠤ ᠰᠡᠯᠡᠭᠦᠴᠡᠬᠦ ᠬᠡᠷᠡᠭᠴᠡᠭᠡ ᠶᠢ ᠬᠠᠩᠭᠠᠬᠤ ᠶᠢ ᠪᠣᠳᠣᠯᠬᠢᠯᠠᠬᠤ ᠠᠴᠠ ᠭᠠᠳᠠᠨ᠎ᠠ | ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢ ᠠᠬᠢᠭᠤᠯᠵᠤ᠂ ᠬᠡᠷᠡᠭᠯᠡᠭᠡ ᠶᠢ ᠥᠷᠭᠡᠳᠬᠡᠬᠦ᠂ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠪᠦᠲᠦᠴᠡ ᠶᠢ ᠰᠢᠯᠢᠳᠡᠭᠵᠢᠭᠦᠯᠬᠦ᠃ ᠴᠠᠭᠠᠨ ᠰᠠᠷ᠎ᠠ᠂ ᠬᠥᠳᠡᠯᠮᠦᠷᠢᠴᠢᠳ ᠤᠨ ᠪᠠᠶᠠᠷ᠂ ᠤᠯᠤᠰ ᠤᠨ ᠪᠠᠶᠠᠷ ᠵᠡᠷᠭᠡ | ᠤᠷᠲᠤ ᠠᠮᠠᠷᠠᠯᠲᠠ ᠨᠢ ᠣᠯᠠᠨ ᠲᠦᠮᠡᠨ ᠤ ᠲᠥᠷᠥᠯ ᠰᠠᠳᠤᠨ ᠢᠶᠠᠨ ᠡᠷᠭᠢᠨ ᠦᠵᠡᠵᠦ ᠵᠢᠭᠤᠯᠴᠢᠯᠠᠵᠤ ᠰᠡᠯᠡᠭᠦᠴᠡᠬᠦ | ᠠᠮᠠᠷᠠᠯᠲᠠ ᠶᠢᠨ ᠡᠳᠦᠷ ᠪᠠᠶᠢᠵᠤ᠂ ᠲᠡᠷᠭᠡᠯ ᠰᠠᠷ᠎ᠠ ᠶᠢᠨ ᠪᠠᠶᠠᠷ᠂ ᠬᠠᠩᠰᠢ ᠶᠢᠨ ᠡᠳᠦᠷ ᠵᠡᠷᠭᠡ ᠣᠬᠤᠷ ᠠᠮᠠᠷᠠᠯᠲᠠ ᠯᠤᠭ᠎ᠠ | ᠨᠢᠭᠡᠳᠦᠯᠲᠡᠢ ᠲᠥᠯᠥᠪᠯᠡᠬᠦ ᠶᠢ ᠪᠣᠳᠣᠯᠬᠢᠯᠠᠵᠤ᠂ ᠠᠷᠠᠳ ᠤᠳ ᠲᠤ ᠠᠯᠢ ᠴᠢᠳᠠᠬᠤ ᠪᠠᠷ ᠨᠡᠩ ᠣᠯᠠᠨ ᠭᠠᠳᠠᠭᠰᠢ ᠭᠠᠷᠬᠤ | ᠳᠤᠭᠢᠶᠠᠯ ᠢ ᠣᠯᠭᠤᠬᠤ ᠪᠠ ᠠᠮᠠᠷᠠᠯᠲᠠ ᠶᠢᠨ ᠡᠳᠦᠷ ᠨᠡᠮᠡᠬᠦ ᠶᠢ ᠵᠣᠷᠢᠵᠠᠢ᠃ | ᠠᠷᠠᠳ ᠤᠨ ᠰᠠᠨᠠᠭ᠎ᠠ ᠳᠤ ᠨᠡᠶᠢᠴᠡᠭᠦᠯᠬᠦ᠃ ᠣᠯᠠᠨ ᠲᠦᠮᠡᠨ ᠤ ᠰᠠᠨᠠᠯ ᠱᠠᠭᠠᠷᠳᠠᠯᠭ᠎ᠠ ᠶᠢ ᠶᠡᠭᠡ ᠪᠠᠷ ᠬᠤᠷᠢᠶᠠᠨ | ᠴᠤᠭᠯᠠᠭᠤᠯᠵᠤ᠂ ᠣᠯᠠᠨ ᠲᠠᠯ᠎ᠠ ᠪᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠡᠷᠭᠡ ᠶᠢᠨ ᠰᠠᠨᠠᠯ ᠰᠠᠨᠠᠭᠤᠯᠭ᠎ᠠ ᠶᠢ ᠬᠢᠨᠠᠮᠠᠭᠠᠢ | ᠰᠤᠳᠤᠯᠤᠭᠰᠠᠨ ᠪᠠᠶᠢᠨ᠎ᠠ᠃ | | | ᠠᠰᠠᠭᠤᠯᠲᠠ᠄ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠮᠠᠨ ᠤ ᠤᠯᠤᠰ ᠤᠨ ᠪᠠᠶᠠᠷ ᠳᠤᠷᠠᠰᠬᠠᠯ ᠤᠨ | ᠠᠮᠠᠷᠠᠯᠲᠠ ᠶᠢᠨ ᠡᠳᠦᠷ ᠤᠨ ᠶᠡᠷᠦᠩᠬᠡᠢ ᠪᠠᠶᠢᠳᠠᠯ ᠶᠠᠮᠠᠷᠰᠢᠤ ᠪᠠᠶᠢᠳᠠᠭ ᠪᠤᠢ︖ | | | ᠬᠠᠷᠢᠭᠤᠯᠲᠠ᠄ ︽ᠠᠷᠭ᠎ᠠ︾ ᠳᠤ ᠵᠠᠰᠠᠪᠤᠷᠢ ᠣᠷᠣᠭᠤᠯᠬᠤ ᠠᠴᠠ ᠡᠮᠦᠨ᠎ᠡ ᠮᠠᠨ ᠤ ᠤᠯᠤᠰ 7 ᠪᠠᠶᠠᠷ | ᠳᠤᠷᠠᠰᠬᠠᠯ ᠤᠨ ᠡᠳᠦᠷ ᠲᠤ ᠨᠡᠶᠢᠲᠡ 11 ᠡᠳᠦᠷ ᠠᠮᠠᠷᠠᠯᠲᠠ ᠲᠠᠯᠪᠢᠵᠤ ᠪᠠᠶᠢᠭᠰᠠᠨ ᠪᠣᠯ᠂ ᠡᠨᠡ ᠤᠳᠠᠭ᠎ᠠ ᠵᠠᠰᠠᠪᠤᠷᠢ | ᠣᠷᠣᠭᠤᠯᠤᠭᠰᠠᠨ ᠤ ᠳᠠᠷᠠᠭ᠎ᠠ 7 ᠪᠠᠶᠠᠷ ᠤᠨ ᠡᠳᠦᠷ ᠲᠤ ᠨᠡᠶᠢᠲᠡ 13 ᠡᠳᠦᠷ ᠠᠮᠠᠷᠠᠯᠲᠠ ᠲᠠᠯᠪᠢᠬᠤ ᠪᠣᠯᠭᠠᠪᠠ᠃ | ᠡᠭᠦᠨ ᠳᠤ᠂ ᠴᠠᠭᠠᠨ ᠰᠠᠷ᠎ᠠ ᠶᠢᠨ 4 ᠡᠳᠦᠷ ︵ᠪᠢᠲᠡᠭᠦᠨ ᠤ ᠡᠳᠦᠷ ᠠᠴᠠ ᠰᠢᠨ᠎ᠡ ᠶᠢᠨ ᠭᠤᠷᠪᠠᠨ ᠭᠦᠷᠲᠡᠯ᠎ᠡ︶᠂ | ᠰᠣᠯᠢᠯᠴᠠᠵᠤ ᠠᠮᠠᠷᠠᠭᠰᠠᠨ ᠤ ᠲᠠᠷᠠᠭ᠎ᠠ 8 ᠡᠳᠦᠷ ᠪᠣᠯᠣᠨ ᠨᠡᠮᠡᠭᠳᠡᠪᠡ; ᠤᠯᠤᠰ ᠤᠨ ᠪᠠᠶᠠᠷ ᠤᠨ 3 ᠡᠳᠦᠷ ︵10 | ᠰᠠᠷ᠎ᠠ ᠶᠢᠨ 1 ᠤ ᠡᠳᠦᠷ ᠠᠴᠠ 3 ᠤ ᠡᠳᠦᠷ︶᠂ ᠰᠣᠯᠢᠯᠴᠠᠵᠤ ᠠᠮᠠᠷᠠᠭᠰᠠᠨ ᠤ ᠲᠠᠷᠠᠭ᠎ᠠ 7 ᠡᠳᠦᠷ ᠪᠤᠯᠪᠠ; ᠲᠠᠪᠤᠨ | ᠰᠠᠷ᠎ᠠ ᠶᠢᠨ ᠨᠢᠭᠡᠨ ᠤ ᠬᠥᠳᠡᠯᠮᠦᠷᠢᠴᠢᠳ ᠤᠨ ᠪᠠᠶᠠᠷ ︵5 ᠰᠠᠷ᠎ᠠ ᠶᠢᠨ 1 ᠤ ᠡᠳᠦᠷ᠂ 2 ᠤᠨ ᠡᠳᠦᠷ︶ ᠢᠶᠠᠷ ᠨᠢᠭᠡ | ᠤᠳᠠᠭ᠎ᠠ ᠶᠢᠨ ᠨᠥᠬᠦᠵᠦ ᠠᠵᠢᠯᠯᠠᠬᠤ ᠡᠳᠦᠷ ᠢ ᠬᠠᠰᠤᠭᠠᠳ ᠨᠠᠶᠢᠳᠡ 5 ᠡᠳᠦᠷ ᠴᠢᠯᠦᠭᠡ ᠲᠠᠯᠪᠢᠨ᠎ᠠ᠃ ᠰᠢᠨ᠎ᠡ ᠵᠢᠯ᠂ | ᠬᠠᠩᠰᠢ ᠶᠢᠨ ᠡᠳᠦᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠲᠡᠷᠭᠡᠯ ᠰᠠᠷ᠎ᠠ ᠶᠢᠨ ᠪᠠᠶᠠᠷ ᠢᠶᠠᠷ ᠲᠣᠰ | ᠪᠦᠷᠢ 1 ᠡᠳᠦᠷ ᠠᠮᠠᠷᠠᠨ᠎ᠠ᠃ | | | ᠠᠰᠠᠭᠤᠯᠲᠠ᠄ ᠲᠤᠰ ᠤᠳᠠᠭ᠎ᠠ ᠶᠢᠨ ᠥᠭᠡᠷᠡᠴᠢᠯᠡᠯᠲᠡ ᠳᠤ ᠶᠠᠮᠠᠷ ᠵᠠᠩᠭᠢᠯᠠᠭ᠎ᠠ ᠶᠢᠨ ᠴᠡᠭ ᠪᠠᠶᠢᠬᠤ ᠪᠤᠢ︖ | | | ᠬᠠᠷᠢᠭᠤᠯᠲᠠ᠄ ᠡᠨᠡ ᠤᠳᠠᠭ᠎ᠠ ᠵᠠᠰᠠᠪᠤᠷᠢ ᠣᠷᠣᠭᠤᠯᠬᠤ ᠵᠠᠩᠭᠢᠯᠠᠭ᠎ᠠ ᠶᠢᠨ ᠴᠡᠭ ᠨᠢ ᠭᠤᠣᠯᠳᠠᠭᠤ ᠲᠠᠪᠤᠨ | ᠲᠠᠯ᠎ᠠ ᠪᠠᠷ ᠢᠯᠡᠷᠡᠵᠦ ᠪᠤᠢ᠃ | ᠠᠮᠠᠷᠠᠯᠲᠠ ᠶᠢᠨ ᠡᠳᠦᠷ ᠤᠨ ᠶᠡᠷᠦᠩᠬᠡᠢ ᠲᠤᠭ᠎ᠠ ᠨᠢ ᠨᠡᠮᠡᠭᠳᠡᠵᠡᠢ᠃ ᠪᠦᠭᠦ ᠠᠷᠠᠳ ᠢᠷᠭᠡᠨ ᠤ ᠠᠮᠠᠷᠠᠯᠲᠠ | ᠲᠠᠯᠪᠢᠬᠤ ᠠᠮᠠᠷᠠᠯᠲᠠ ᠶᠢᠨ ᠡᠳᠦᠷ 2 ᠡᠳᠦᠷ ᠨᠡᠮᠡᠭᠳᠡᠨ᠎ᠡ᠂ ᠳᠠᠷᠤᠢ ᠪᠢᠯᠢᠭ ᠤᠨ ᠤᠯᠠᠷᠢᠯ ᠤᠨ ᠪᠢᠲᠡᠭᠦᠨ ᠤ ᠡᠳᠦᠷ᠂ 5 | ᠰᠠᠷ᠎ᠠ ᠶᠢᠨ 2 ᠤᠨ ᠡᠳᠦᠷ ᠪᠠᠶᠢᠵᠤ᠂ ᠠᠮᠠᠷᠠᠯᠲᠠ ᠲᠠᠯᠪᠢᠭᠰᠠᠨ ᠶᠡᠷᠦᠩᠬᠡᠢ ᠡᠳᠦᠷ ᠤᠨ ᠲᠤᠭ᠎ᠠ 11 ᠡᠳᠦᠷ ᠠᠴᠠ | ᠨᠡᠮᠡᠭᠳᠡᠭᠡᠳ 13 ᠡᠳᠦᠷ ᠪᠣᠯᠵᠠᠢ᠃ | ᠪᠢᠲᠡᠭᠦᠨ ᠠᠴᠠ ᠠᠮᠠᠷᠠᠯᠲᠠ ᠲᠠᠯᠪᠢᠨ᠎ᠠ᠃ ᠪᠢᠲᠡᠭᠦᠨ ᠤ ᠡᠳᠦᠷ ᠬᠡᠳᠦᠶᠢᠪᠡᠷ ᠠᠮᠠᠷᠠᠯᠲᠠ ᠶᠢᠨ ᠡᠳᠦᠷ ᠪᠢᠰᠢ | ᠪᠤᠯᠪᠠᠴᠤ ᠤᠯᠠᠮᠵᠢᠯᠠᠯᠲᠤ ᠪᠠᠶᠠᠷ ᠤᠨ ᠡᠳᠦᠷ ᠪᠣᠯᠣᠨ᠎ᠠ᠂ ᠲᠤᠰ ᠤᠳᠠᠭ᠎ᠠ ᠴᠠᠭᠠᠨ ᠰᠠᠷ᠎ᠠ ᠶᠢᠨ ᠠᠮᠠᠷᠠᠯᠲᠠ ᠪᠠᠷ | ᠪᠢᠲᠡᠭᠦᠨ ᠤ ᠡᠳᠦᠷ ᠢ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠳᠤ ᠣᠷᠣᠭᠤᠯᠵᠤ᠂ | ᠳᠦᠷᠢᠮᠵᠢᠭᠰᠡᠨ ᠠᠷᠭ᠎ᠠ ᠭᠡᠯᠪᠡᠷᠢ ᠪᠠᠷ ᠤᠯᠠᠨ ᠲᠦᠮᠡᠨ ᠤ ᠴᠠᠭᠠᠨ ᠰᠠᠷ᠎ᠠ ᠪᠠᠨ ᠪᠠᠶᠠᠷᠲᠠᠶᠢᠬᠠᠨ ᠤᠭᠲᠤᠵᠤ᠂ | ᠤᠯᠠᠮᠵᠢᠯᠠᠯᠲᠤ ᠪᠠᠶᠠᠷ ᠤᠨ ᠡᠳᠦᠷ ᠢᠶᠠᠨ ᠪᠠᠶᠠᠷ ᠭᠦᠷ ᠲᠠᠢ ᠥᠩᠭᠡᠷᠡᠭᠦᠯᠬᠦ ᠶᠢ ᠪᠠᠲᠤᠯᠠᠨ᠎ᠠ᠃ | ᠴᠠᠭᠠᠨ ᠰᠠᠷ᠎ᠠ ᠶᠢᠨ ᠠᠮᠠᠷᠠᠯᠲᠠ ᠶᠢᠨ ᠡᠳᠦᠷ ᠢ ᠤᠷᠲᠤᠳᠬᠠᠪᠠ᠃ ᠴᠠᠭᠠᠨ ᠰᠠᠷ᠎ᠠ ᠶᠢᠨ ᠠᠮᠠᠷᠠᠯᠲᠠ ᠶᠢᠨ 4 | ᠡᠳᠦᠷ ᠤᠨ ᠳᠡᠭᠡᠷ᠎ᠡ ᠨᠢ ᠭᠠᠷᠠᠭ ᠤᠨ ᠵᠢᠷᠭᠤᠭᠠᠨ ᠡᠳᠦᠷ ᠰᠣᠯᠢᠯᠴᠠᠨ ᠠᠮᠠᠷᠠᠪᠠᠯ 8 ᠡᠳᠦᠷ ᠴᠢᠯᠦᠭᠡ ᠲᠠᠯᠪᠢᠨ᠎ᠠ᠂ | ᠬᠡᠷᠪᠡ ᠪᠢᠲᠡᠭᠦᠨ ᠤ ᠡᠳᠦᠷ ᠭᠠᠷᠠᠭ ᠤᠨ ᠲᠠᠪᠤᠨ ᠳᠤ ᠲᠠᠭᠠᠷᠠᠪᠠᠯ ᠭᠠᠷᠠᠭ ᠤᠨ ᠰᠡᠭᠦᠯᠴᠢ ᠶᠢᠨ ᠠᠮᠠᠷᠠᠯᠲᠠ ᠲᠠᠢ | ᠨᠡᠶᠢᠯᠡᠭᠡᠳ 9 ᠡᠳᠦᠷ ᠴᠢᠯᠦᠭᠡ ᠲᠠᠯᠪᠢᠨ᠎ᠠ᠃ ᠵᠢᠱᠢᠶᠡᠯᠡᠪᠡᠯ 2027 ᠣᠨ ᠤ ᠴᠠᠭᠠᠨ ᠰᠠᠷ᠎ᠠ ᠶᠢᠨ ᠠᠮᠠᠷᠠᠯᠲᠠ ᠨᠠᠩ | ᠤᠷᠲᠤ ᠪᠣᠯᠣᠨ᠎ᠠ᠃ | ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢᠴᠢᠳ ᠤᠨ ᠪᠠᠶᠠᠷ ᠢᠶᠠᠷ ᠨᠢᠭᠡ ᠤᠳᠠᠭ᠎ᠠ ᠨᠥᠬᠦᠵᠦ ᠠᠵᠢᠯᠯᠠᠬᠤ | ᠡᠳᠦᠷ ᠢ ᠬᠠᠰᠤᠪᠠ᠃ ᠲᠠᠪᠤᠨ ᠰᠠᠷ᠎ᠠ ᠳᠤ ᠠᠭᠤᠷ ᠠᠮᠢᠰᠬᠤᠯ ᠳᠤᠯᠠᠭᠠᠷᠠᠵᠤ᠂ ᠭᠠᠳᠠᠭᠰᠢ ᠭᠠᠷᠬᠤ ᠳᠤ ᠲᠣᠬᠢᠷᠠᠮᠵᠢᠲᠠᠢ | ᠪᠠᠶᠢᠳᠠᠭ᠂ ᠡᠶᠢᠮᠦ ᠪᠠᠷ ᠢᠶᠠᠨ ᠲᠠᠪᠤᠨ ᠰᠠᠷ᠎ᠠ ᠶᠢᠨ ᠠᠮᠠᠷᠠᠯᠲᠠ ᠶᠢᠨ ᠡᠳᠦᠷ ᠢ 2 ᠡᠳᠦᠷ ᠪᠣᠯᠭᠠᠨ ᠨᠡᠮᠡᠵᠡᠢ᠃ ᠬᠡᠷᠪᠡ | ᠭᠠᠷᠠᠭ ᠤᠨ ᠰᠡᠭᠦᠯᠴᠢ ᠶᠢᠨ ᠠᠮᠠᠷᠠᠯᠲᠠ ᠲᠠᠢ ᠲᠠᠭᠠᠷᠠᠪᠠᠯ᠂ 1 ᠯᠠ ᠡᠳᠦᠷ ᠰᠣᠯᠢᠯᠴᠠᠵᠤ ᠠᠮᠠᠷᠠᠭᠰᠠᠭᠠᠷ ᠳᠠᠷᠤᠢ 5 | ᠡᠳᠦᠷ ᠤᠨ ᠤᠷᠳᠤ ᠠᠮᠠᠷᠠᠯᠲᠠ ᠪᠣᠯᠵᠤ ᠲᠠᠶᠢᠯᠤᠨ᠎ᠠ᠃ | ᠰᠣᠯᠢᠯᠴᠠᠵᠤ ᠠᠮᠠᠷᠠᠬᠤ ᠵᠠᠷᠴᠢᠮ ᠢ ᠲᠣᠳᠣᠷᠬᠠᠶᠢᠯᠠᠪᠠ᠃ ᠮᠠᠨ ᠤ ᠤᠯᠤᠰ ᠣᠯᠠᠨ ᠵᠢᠯ ᠤᠨ ᠦᠢᠯᠡᠳᠦᠯᠭᠡ | ᠳᠤᠮᠳᠠ ᠨᠡᠯᠢᠶᠡᠳ ᠲᠣᠭᠲᠠᠮᠠᠯ ᠰᠣᠯᠢᠯᠴᠠᠵᠤ ᠠᠮᠠᠷᠠᠬᠤ ᠵᠠᠷᠴᠢᠮ ᠢ ᠪᠤᠢ ᠪᠣᠯᠭᠠᠪᠠ᠃ ᠲᠣᠰ ᠤᠳᠠᠭ᠎ᠠ ᠰᠣᠯᠢᠯᠴᠠᠵᠤ | ᠠᠮᠠᠷᠠᠬᠤ ᠵᠠᠷᠴᠢᠮ ᠢ ᠲᠣᠳᠣᠷᠬᠠᠢ ᠨᠡᠶᠢᠲᠡᠯᠡᠵᠦ᠂ ᠣᠯᠠᠨ ᠲᠦᠮᠡᠨ ᠠᠮᠠᠷᠠᠯᠲᠠ ᠶᠢᠨ ᠡᠳᠦᠷ ᠢ ᠥᠪᠡᠰᠦᠪᠡᠨ ᠵᠣᠬᠢᠰᠲᠠᠢ | ᠲᠣᠬᠢᠷᠠᠭᠤᠯᠵᠤ ᠪᠣᠯᠣᠨ᠎ᠠ᠃ | | | ᠠᠰᠠᠭᠤᠯᠲᠠ᠄ ᠤᠯᠠᠨ ᠢᠶᠠᠷ ᠢᠶᠠᠨ ᠠᠮᠠᠷᠠᠯᠲᠠ ᠶᠢᠨ ᠡᠳᠦᠷ ᠢ ᠮᠠᠰᠢ ᠠᠩᠬᠠᠷᠴᠤ ᠪᠠᠶᠢᠨ᠎ᠠ᠂ ᠡᠨᠡ ᠠᠮᠠᠷᠠᠯᠲᠠ ᠶᠢ | ᠬᠡᠷᠬᠢᠨ ᠲᠣᠬᠢᠷᠠᠭᠤᠯᠤᠭᠰᠠᠨ ᠪᠤᠢ︖ | | | ᠬᠠᠷᠢᠭᠤᠯᠲᠠ᠄ ᠣᠳᠣᠬᠠᠨ ᠳᠤ ᠡᠯ᠎ᠡ ᠲᠠᠯ᠎ᠠ ᠶᠢᠨ ᠬᠢᠨ ᠰᠣᠯᠢᠯᠴᠠᠵᠤ ᠠᠮᠠᠷᠠᠬᠤ ᠡᠰᠡᠬᠦ ᠳᠤ ᠠᠳᠠᠯᠢ ᠪᠤᠰᠤ ᠶᠢᠨ | ᠦᠵᠡᠯᠲᠡ ᠲᠠᠢ᠃ ᠠᠷᠠᠳ ᠲᠦᠮᠡᠨ ᠤ ᠵᠢᠭᠤᠯᠴᠢᠯᠠᠯ ᠰᠡᠯᠡᠭᠦᠴᠡᠯ ᠵᠡᠷᠭᠡ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠳᠤ | ᠣᠷᠣᠯᠠᠭᠤᠯᠵᠤ ᠪᠣᠯᠣᠰᠢ ᠦᠭᠡᠢ ᠢᠳᠡᠪᠬᠢ ᠦᠢᠯᠡᠳᠦᠯ ᠦᠵᠡᠭᠦᠯᠵᠡᠢ᠃ ᠲᠣᠰ ᠤᠳᠠᠭ᠎ᠠ ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠡᠳᠦᠷ ᠤᠨ ᠲᠤᠭ᠎ᠠ ᠶᠢ ᠨᠡᠮᠡᠭᠳᠡᠭᠦᠯᠬᠦ ᠲᠠᠢ ᠤᠶᠠᠯᠳᠤᠭᠤᠯᠤᠨ | ᠲᠣᠬᠢᠷᠠᠭᠤᠯᠤᠯᠲᠠ ᠶᠢ ᠠᠯᠢ ᠴᠢᠳᠠᠬᠤ ᠪᠠᠷ ᠰᠢᠯᠢᠳᠡᠭᠵᠢᠭᠦᠯᠵᠦ᠂ ᠰᠣᠯᠢᠯᠴᠠᠵᠤ ᠠᠮᠠᠷᠠᠬᠤ ᠵᠠᠷᠴᠢᠮ ᠢ | ᠲᠣᠳᠣᠷᠬᠠᠶᠢᠯᠠᠭᠰᠠᠨ ᠪᠠᠶᠢᠨ᠎ᠠ᠃ | ︽ᠠᠷᠭ᠎ᠠ︾ ᠳᠤ᠂ ᠪᠦᠭᠦ ᠠᠷᠠᠳ ᠢᠷᠭᠡᠨ ᠤ ᠠᠮᠠᠷᠠᠯᠲᠠ ᠲᠠᠯᠪᠢᠬᠤ ᠡᠳᠦᠷ ᠢ ᠨᠢᠭᠡᠳᠦᠯᠲᠡᠢ ᠲᠣᠬᠢᠷᠠᠭᠤᠯᠤᠨ᠎ᠠ | ᠭᠡᠵᠦ ᠲᠣᠳᠣᠷᠬᠠᠶᠢᠯᠠᠵᠠᠢ᠃ ᠣᠨᠴᠠ ᠵᠠᠷᠢᠮ ᠣᠨᠴᠠᠭᠠᠶ ᠪᠠᠶᠠᠷ ᠠᠴᠠ ᠪᠤᠰᠤᠳ ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠡᠳᠦᠷ ᠳᠠᠭᠤᠰᠤᠭᠰᠠᠨ ᠤ ᠲᠠᠷᠠᠭ᠎ᠠ ᠡᠩ ᠤᠨ ᠪᠠᠶᠢᠳᠠᠯ ᠳᠣᠣᠷ᠎ᠠ | ᠦᠷᠭᠦᠯᠵᠢᠯᠡᠨ ᠠᠵᠢᠯᠯᠠᠬᠤ ᠡᠳᠦᠷ ᠤᠨ ᠲᠤᠭ᠎ᠠ ᠶᠢ 6 ᠡᠳᠦᠷ ᠠᠴᠠ ᠬᠡᠲᠦᠷᠡᠭᠦᠯᠵᠦ ᠪᠤᠯᠬᠤ ᠦᠭᠡᠢ᠃ | | | ᠠᠰᠠᠭᠤᠯᠲᠠ᠄ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠳᠤ | ᠳᠠᠷᠠᠭᠠᠴᠢ ᠶᠢᠨ ᠠᠵᠢᠯ ᠤᠨ ᠪᠣᠳᠣᠯᠬᠢᠯᠠᠯ ᠨᠢ ᠶᠠᠭᠤ ᠪᠤᠢ︖ | | | ᠬᠠᠷᠢᠭᠤᠯᠲᠠ᠄ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠨᠢ | ᠠᠵᠤ ᠠᠬᠤᠢ ᠨᠡᠶᠢᠭᠡᠮ ᠤᠨ ᠡᠯ᠎ᠡ ᠲᠠᠯ᠎ᠠ ᠳᠤ ᠬᠤᠯᠪᠣᠭᠳᠠᠵᠤ᠂ ᠠᠵᠤ ᠠᠬᠤᠶᠢᠯᠠᠯ ᠣᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠤᠨ ᠲᠣᠬᠢᠷᠠᠭᠤᠯᠤᠯᠲᠠ ᠳᠤ ᠬᠤᠯᠪᠣᠭᠳᠠᠬᠤ ᠤᠴᠢᠷ ᠠᠴᠠ ᠨᠢᠭᠡᠳᠦᠯᠲᠡᠢ ᠲᠥᠯᠥᠪᠯᠡᠬᠦ ᠶᠢ | ᠰᠦᠪᠡᠭᠴᠢᠯᠡᠵᠦ᠂ ᠡᠮᠬᠢ ᠵᠢᠷᠤᠮ ᠲᠠᠢ ᠠᠬᠢᠭᠤᠯᠬᠤ ᠶᠢ ᠴᠢᠬᠤᠯᠠᠴᠢᠯᠠᠵᠠᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠠᠷ ᠳᠤᠷᠠᠰᠬᠠᠯ ᠤᠨ ᠠᠮᠠᠷᠠᠯᠲᠠ ᠶᠢᠨ | ᠡᠳᠦᠷ ᠲᠦᠷᠭᠡᠨ ᠤ ᠵᠠᠰᠠᠮᠠᠯ ᠵᠠᠮ ᠰᠦᠢᠳᠬᠡᠯ ᠬᠤᠷᠢᠶᠠᠬᠤ ᠦᠭᠡᠢ ᠲᠥᠷᠥ ᠶᠢᠨ ᠪᠣᠳᠣᠯᠭ᠎ᠠ᠂ ᠲᠡᠮᠦᠷ ᠵᠠᠮ ᠠᠭᠠᠷ ᠤᠨ | ᠲᠡᠭᠡᠭᠡᠪᠦᠷᠢ ᠶᠢᠨ ᠲᠡᠭᠡᠭᠡᠪᠦᠷᠢ ᠶᠢᠨ ᠬᠦᠴᠦ ᠶᠢ ᠨᠡᠮᠡᠭᠳᠡᠭᠦᠯᠬᠦ ᠵᠡᠷᠭᠡ ᠠᠵᠢᠯ ᠢ ᠬᠠᠮᠵᠢᠯᠴᠠᠨ ᠨᠠᠶᠢᠳᠠᠪᠤᠷᠢᠵᠢᠭᠤᠯᠵᠤ᠂ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠥᠭᠡᠳ ᠤᠷᠤᠭᠰᠢᠲᠠᠢ ᠶᠠᠪᠤᠭᠳᠠᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠣᠨᠴᠠᠭᠠᠶᠢᠯᠠᠨ ᠵᠢᠯ ᠤᠨ ᠠᠮᠠᠷᠠᠯᠲᠠ ᠶᠢᠨ ᠳᠦᠷᠢᠮ ᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠣᠯᠠᠨ ᠲᠦᠮᠡᠨ ᠢ ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠠᠮᠠᠷᠠᠯᠲᠠ ᠶᠢᠨ ᠡᠳᠦᠷ ᠠᠴᠠ ᠭᠠᠳᠠᠨ᠎ᠠ ᠵᠢᠯ ᠤᠨ ᠠᠮᠠᠷᠠᠯᠲᠠ ᠪᠠᠷ ᠳᠠᠮᠵᠢᠨ ᠠᠮᠠᠷᠠᠯᠲᠠ ᠶᠢᠨ ᠴᠠᠭ | ᠢᠶᠠᠨ ᠨᠡᠩ ᠭᠦᠢᠴᠡᠳ ᠪᠥᠭᠡᠳ ᠠᠮᠢᠳᠤᠯᠢᠭ ᠲᠣᠬᠢᠷᠠᠭᠤᠯᠵᠤ ᠪᠣᠯᠣᠨ᠎ᠠ᠃ ᠡᠭᠦᠨ ᠤ ᠬᠠᠮᠲᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠴᠦ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠨᠢᠭᠲᠠ ᠠᠩᠬᠠᠷᠴᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ | ᠲᠣᠬᠢᠷᠠᠭᠤᠯᠤᠯᠲᠠ ᠶᠢ ᠨᠡᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠤᠯᠭᠠᠬᠤ ᠶᠢ ᠲᠠᠰᠤᠷᠠᠯᠲᠠ ᠦᠭᠡᠢ ᠠᠬᠢᠭᠤᠯᠵᠤ᠂ | ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠪᠠᠯ | ᠵᠣᠬᠢᠨ᠎ᠠ᠃ | ︵︽ᠰᠢᠨᠬᠤᠸᠠ ᠰᠦᠯᠵᠢᠶ᠎ᠡ︾ ᠠᠴᠠ ᠣᠷᠴᠢᠭᠤᠯᠤᠨ ᠨᠠᠶᠢᠷᠠᠭᠤᠯᠪᠠ︶ |