ᠳᠤᠮᠳᠠᠳᠤ ᠤᠯᠤᠰ ᠤᠨ ᠬᠥᠬᠡᠬᠤᠲᠠ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠲᠠᠢ ᠨᠥᠬᠦᠷᠰᠡᠭ ᠬᠠᠷᠢᠯᠴᠠᠭᠠᠨ ᠤ ᠦᠯᠢᠭᠡᠷ ᠵᠢᠱᠢᠶ᠎ᠡ ᠶᠢᠨ ᠰᠠᠨᠠᠮᠵᠢ ᠪᠢᠴᠢᠭ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2024/11/25
       ︵ᠰᠤᠷᠪᠤᠯᠵᠢᠯᠠᠭᠴᠢ ᠠᠷᠢᠭᠤᠨ᠎ᠠ︶ 11 ᠳ᠋ᠦ᠋ᠭᠡᠷ ᠰᠠᠷ᠎ᠠ ᠶᠢᠨ 21 ᠤ ᠡᠳᠦᠷ ᠠᠴᠠ 24 ᠤ ᠡᠳᠦᠷ ᠪᠣᠯᠲᠠᠯ᠎ᠠ᠂ ᠮᠣᠩᠭᠤᠯ ᠤᠯᠤᠰ ᠤᠨ ᠨᠡᠶᠢᠰᠯᠡᠯ ᠤᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠤᠲᠠ ᠶᠢᠨ ᠳᠠᠷᠤᠭ᠎ᠠ ᠬᠡ᠊ · ᠨᠢᠮᠠᠪᠠᠭᠠᠲᠤᠷ ᠲᠥᠯᠥᠭᠡᠯᠡᠭᠴᠢᠳ ᠤᠨ ᠪᠦᠯᠬᠦᠮ ᠢᠶᠠᠨ ᠳᠠᠭᠠᠭᠤᠯᠤᠨ ᠮᠧᠩ ᠼᠤᠤ ᠠᠮᠢ ᠠᠬᠤᠢ ᠶᠢᠨ ᠣᠷᠴᠢᠨ ᠲᠣᠭᠤᠷᠢᠨ ᠤ ︵ᠪᠦᠯᠦᠭᠯᠡᠯ︶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠲᠥᠯᠦᠪᠵᠢᠭᠦᠯᠭᠡ ᠶᠢᠨ ᠣᠷᠳᠣᠨ᠂ ᠬᠥᠬᠡᠬᠤᠲᠠ ᠶᠢᠨ ᠪᠠᠨᠳᠢ ᠶᠢᠨ ᠠᠶᠢᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ ᠭᠠᠵᠠᠷ ᠲᠤ ᠠᠶᠢᠯᠴᠢᠯᠠᠨ ᠰᠤᠷᠪᠤᠯᠵᠢᠯᠠᠵᠤ᠂ ᠬᠥᠬᠡᠬᠤᠲᠠ ᠶᠢᠨ ᠴᠡᠴᠡᠷᠯᠢᠭ ᠤᠨ ᠲᠥᠯᠦᠪᠵᠢᠭᠦᠯᠭᠡ᠂ ᠬᠤᠳᠠ ᠶᠢᠨ ᠪᠦᠲᠦᠭᠡᠨ ᠪᠠᠶᠢᠭᠤᠯᠤᠯᠲᠠ᠂ ᠪᠣᠬᠢᠷ ᠤᠰᠤ ᠰᠢᠢᠳᠪᠦᠷᠢᠯᠡᠬᠦ ᠵᠡᠷᠭᠡ ᠲᠠᠯ᠎ᠠ ᠶᠢᠨ ᠲᠤᠷᠰᠢᠯᠭ᠎ᠠ ᠠᠷᠭ᠎ᠠ ᠬᠢᠳᠡᠯ ᠢ ᠣᠶᠢᠯᠠᠭᠠᠪᠠ᠃ ᠬᠦᠬᠡᠬᠤᠲᠠ ᠨᠢ ᠤᠯᠠᠨ ᠤᠯᠤᠰ ᠤᠨ ᠨᠥᠬᠦᠷᠰᠡᠭ ᠬᠤᠳᠠ ᠶᠢᠨ ᠬᠥᠭᠵᠢᠯᠲᠡ ᠳᠤ ᠳᠤᠮᠳᠠᠳᠤ ᠤᠯᠤᠰ ᠤᠨ ᠲᠥᠰᠥᠯ ᠢ ᠬᠠᠩᠭᠠᠵᠠᠢ᠃       ᠠᠶᠢᠯᠴᠢᠯᠠᠵᠤ ᠪᠠᠶᠢᠭ᠎ᠠ ᠬᠤᠭᠤᠴᠠᠭᠠᠨ ᠳᠤ᠂ ᠬᠥᠬᠡᠬᠤᠲᠠ ᠪᠣᠯᠣᠨ ᠤᠯᠠᠭᠠᠨᠪᠠᠭᠠᠲᠤᠷ ᠬᠤᠳᠠ ︽ᠳᠤᠮᠳᠠᠳᠤ ᠤᠯᠤᠰ ᠤᠨ ᠬᠥᠬᠡᠬᠤᠲᠠ ᠪᠣᠯᠣᠨ ᠮᠣᠩᠭᠤᠯ ᠤᠯᠤᠰ ᠤᠨ ᠤᠯᠠᠭᠠᠨᠪᠠᠭᠠᠲᠤᠷ ᠬᠤᠳᠠ ᠶᠢᠨ ᠳᠤᠮᠳᠠᠳᠤ ᠮᠣᠩᠭᠤᠯ ᠤᠨ ᠨᠥᠬᠦᠷᠰᠡᠭ ᠬᠠᠷᠢᠯᠴᠠᠭᠠᠨ ᠤ ᠦᠯᠢᠭᠡᠷ ᠵᠢᠱᠢᠶ᠎ᠡ ᠶᠢ ᠪᠦᠬᠦ ᠲᠠᠯ᠎ᠠ ᠪᠠᠷ ᠴᠣᠭᠴᠠᠯᠠᠬᠤ ᠰᠠᠨᠠᠮᠵᠢ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃ ᠰᠠᠨᠠᠮᠵᠢ ᠶᠢᠨ ᠪᠢᠴᠢᠭ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠢᠳᠡᠭᠡᠨ ᠪᠣᠯᠪᠠᠰᠤᠷᠠᠭᠤᠯᠬᠤ᠂ ᠪᠣᠬᠢᠷᠲᠤᠯ ᠦᠭᠡᠢ ᠬᠢᠮᠢ ᠶᠢᠨ ᠠᠵᠤ ᠦᠢᠯᠡᠳᠪᠦᠷᠢ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠬᠤᠳᠠ ᠶᠢᠨ ᠪᠦᠲᠦᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠤᠣᠯᠳᠠᠯᠭ᠎ᠠ ᠲᠠᠢ ᠠᠬᠢᠭᠤᠯᠵᠤ᠂ ᠬᠤᠶᠠᠷ ᠬᠤᠳᠠ ᠶᠢᠨ ᠠᠷᠠᠳ ᠲᠦᠮᠡᠨ ᠳᠤ ᠨᠡᠩ ᠰᠠᠶᠢᠨ ᠦᠢᠯᠡᠴᠢᠯᠡᠬᠦ ᠪᠣᠯᠣᠨ᠎ᠠ᠃            ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠨᠢ ᠬᠥᠬᠡᠬᠤᠲᠠ᠂ ᠤᠯᠠᠭᠠᠨᠪᠠᠭᠠᠲᠤᠷ ᠬᠤᠳᠠ ᠶᠢᠨ ᠨᠥᠬᠦᠷᠰᠡᠭ ᠬᠠᠷᠢᠯᠴᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠳᠤᠮᠳᠠᠳᠤ ᠮᠣᠩᠭᠤᠯ ᠬᠤᠶᠠᠷ ᠤᠯᠤᠰ ᠤᠨ ᠨᠥᠬᠦᠷᠰᠡᠭ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠭᠰᠡᠨ ᠶᠠᠪᠤᠳᠠᠯ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠪᠠᠷ ᠵᠥᠪᠳᠡᠬᠦ᠂ ᠨᠡᠭᠡᠭᠡᠯᠲᠡ ᠲᠠᠢ ᠪᠠᠭᠲᠠᠭᠠᠮᠵᠢᠲᠠᠢ ᠪᠠᠶᠢᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠵᠠᠷᠴᠢᠮ ᠢ ᠪᠠᠷᠢᠮᠲᠠᠯᠠᠵᠤ᠂ ᠳᠤᠮᠳᠠᠳᠤ ᠮᠣᠩᠭᠤᠯ ᠤᠨ ᠨᠥᠬᠦᠷᠰᠡᠭ ᠬᠠᠷᠢᠯᠴᠠᠭᠠᠨ ᠤ ᠦᠯᠢᠭᠡᠷ ᠵᠢᠱᠢᠶ᠎ᠡ ᠶᠢ ᠬᠠᠮᠲᠤ ᠪᠠᠷ ᠴᠣᠭᠴᠠᠯᠠᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠨᠥᠬᠦᠷᠰᠡᠭ ᠬᠠᠷᠢᠴᠠᠭᠠᠨ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号