2024 ᠣᠨ ᠳᠤ ᠮᠠᠨ ᠤ ᠣᠷᠣᠨ 18 ᠳ᠋ᠦᠩᠰᠢᠭᠤᠷ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠲᠠᠯᠪᠢᠵᠤ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ 14.4 ᠲᠦᠮᠡᠨ ᠰᠤᠷᠤᠭᠴᠢᠳ ᠲᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2024/11/26
      2024 ᠣᠨ ᠳᠤ ᠮᠠᠨ ᠤ ᠣᠷᠣᠨ 18 ᠳ᠋ᠦᠩᠰᠢᠭᠤᠷ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠲᠠᠯᠪᠢᠵᠤ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ 14.4 ᠲᠦᠮᠡᠨ ᠰᠤᠷᠤᠭᠴᠢᠳ ᠲᠤ ᠠᠰᠢᠭ ᠬᠦᠷᠲᠡᠭᠡᠪᠡ᠃ ᠵᠢᠭᠡᠯᠡᠯᠭᠡ ᠲᠠᠯᠪᠢᠭᠰᠠᠨ ᠵᠣᠭᠤᠰ ᠤᠨ ᠲᠤᠭ᠎ᠠ ᠪᠣᠯᠣᠨ ᠵᠢᠭᠡᠯᠡᠯᠭᠡ ᠭᠤᠶᠤᠴᠢᠯᠠᠭᠰᠠᠨ ᠬᠥᠮᠥᠨ ᠤ ᠲᠤᠭ᠎ᠠ ᠨᠢ ᠴᠥᠮ ᠲᠡᠦᠬᠡᠨ ᠰᠢᠨ᠎ᠡ ᠲᠡᠮᠳᠡᠭᠯᠡᠯ ᠢ ᠡᠭᠦᠳᠴᠡᠢ᠃ ᠣᠳᠣᠬᠠᠨ ᠳᠤ ᠰᠣᠷᠣᠭᠴᠢ ᠶᠢᠨ ᠢᠷᠡᠯᠲᠡ ᠶᠢᠨ ᠭᠠᠵᠠᠷ ᠤᠨ ᠢᠲᠡᠭᠡᠮᠵᠢᠲᠦ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠨᠢᠭᠡᠨᠲᠡ ᠳᠡᠭᠡᠭᠰᠢᠯᠡᠭᠦᠯᠦᠭᠡᠳ ᠵᠢᠭᠡᠯᠡᠯᠭᠡ ᠭᠤᠶᠤᠴᠢᠯᠠᠭᠰᠠᠨ ᠵᠢᠩᠬᠢᠨᠢ ᠠᠩᠭᠢ ᠶᠢᠨ ᠪᠠ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢ ︵ᠪᠡᠯᠡᠳᠬᠡᠯ ᠠᠩᠭᠢ ᠶᠢᠨ ᠰᠣᠷᠣᠭᠴᠢ ᠶᠢ ᠪᠠᠭᠲᠠᠭᠠᠨ᠎ᠠ︶ ᠨᠢᠵᠡᠭᠡᠳ ᠲᠤ ᠵᠢᠯ  ᠪᠦᠷᠢ 2 ᠲᠦᠮᠡᠨ ᠲᠥᠭᠦᠷᠢᠭ᠂ ᠠᠰᠫᠢᠷᠠᠨᠲ ᠨᠢᠵᠡᠭᠡᠳ ᠲᠤ ᠵᠢᠯ ᠪᠦᠷᠢ 2.5 ᠲᠦᠮᠡᠨ ᠲᠥᠭᠦᠷᠢᠭ ᠪᠣᠯᠭᠠᠵᠠᠢ︔ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠨᠢᠭᠡᠨᠲᠡ 70 ᠰᠠᠭᠤᠷᠢ ᠴᠡᠭ ᠪᠣᠯᠲᠠᠯ᠎ᠠ ᠪᠠᠭᠤᠷᠠᠭᠤᠯᠪᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠴᠠ ᠨᠠᠭᠠᠰᠢ᠂ ᠪᠥᠬᠦ ᠣᠷᠣᠨ ᠳᠤ ᠨᠡᠶᠢᠲᠡ 4459 ᠲᠦᠮᠡᠨ ᠲᠥᠭᠦᠷᠢᠭ ᠤᠨ ᠵᠢᠭᠡᠯᠡᠯᠭᠡ ᠠᠪᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠵᠦ᠂ ᠰᠤᠷᠤᠯᠭ᠎ᠠ ᠶᠢᠨ ᠵᠠᠷᠤᠳᠠᠯ᠂ ᠪᠠᠶᠢᠷᠢ ᠶᠢᠨ ᠰᠦᠢᠳᠬᠡᠯ ᠠᠴᠠ ᠭᠠᠳᠠᠨ᠎ᠠ᠂ ᠠᠮᠢᠳᠤᠷᠠᠯ ᠤᠨ ᠬᠡᠰᠡᠭ ᠵᠠᠷᠤᠳᠠᠯ ᠢ ᠴᠦ ᠦᠷᠭᠦᠯᠵᠢᠯᠡᠨ ᠳᠡᠮᠵᠢᠬᠦ ᠬᠡᠪᠴᠢᠶᠡᠨ ᠳᠤ ᠤᠷᠤᠭᠤᠯᠬᠤ ᠪᠠᠷ ᠪᠤᠢ᠃ ︵ᠰᠤᠷᠭᠠᠨ ᠬᠥᠮᠦᠵᠢᠯ ᠤᠨ ᠲᠢᠩᠬᠢᠮ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号