| | | | ᠪᠣᠣ ᠭᠠᠩ ᠬᠤᠷᠠᠯ ᠡᠷᠬᠢᠯᠡᠪᠡ | | | ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ | ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ | ᠪᠦᠦ ᠭᠠᠩ ᠬᠤᠷᠠᠯ ᠢ ᠡᠷᠬᠢᠯᠡᠪᠡ᠃ | | | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠨ ᠤᠯᠤᠰ ᠤᠨ | ᠤᠳᠤᠷᠢᠳᠬᠤ ᠬᠥᠮᠥᠰ ᠤᠨ ᠠᠷᠪᠠ ᠶᠢᠰᠦᠳᠦᠭᠡᠷ ᠤᠳᠠᠭᠠᠨ ᠤ ᠲᠦᠷᠦᠭᠦᠴᠦᠳ ᠤᠨ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠭᠠᠳᠠᠭᠠᠳᠤ | ᠬᠠᠷᠢᠯᠴᠠᠭᠠᠨ ᠤ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠨᠡᠭᠡᠭᠡᠯᠲᠡ ᠬᠢᠬᠦ ᠤᠬᠠᠮᠰᠠᠷ ᠢᠶᠠᠨ ᠴᠢᠩᠭᠠᠳᠬᠠᠵᠤ᠂ | ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ᠂ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ | ᠠᠭᠠᠷ ᠤᠨ ᠭᠠᠷᠠᠮ ᠤᠨ ᠪᠦᠲᠦᠭᠡᠨ ᠪᠠᠶᠢᠭᠤᠯᠤᠯᠲᠠ ᠳᠤ ᠬᠠᠮᠵᠢᠯᠴᠠᠬᠤ ᠪᠠᠷ ᠭᠠᠷᠳᠠᠴᠠ ᠪᠣᠯᠭᠠᠵᠤ᠂ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠨᠡᠭᠡᠭᠡᠯᠲᠡᠲᠤ ᠬᠡᠯᠪᠡᠷᠢ ᠶᠢᠨ | ᠠᠵᠤ ᠠᠬᠤᠢ ᠶᠢᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠤᠰ ᠤᠨ ᠶᠡᠷᠦᠩᠬᠡᠢ ᠭᠠᠳᠠᠭᠠᠳᠤ | ᠬᠠᠷᠢᠯᠴᠠᠭ᠎ᠠ ᠪᠣᠯᠣᠨ ᠭᠠᠳᠠᠭᠠᠳᠤ ᠨᠡᠭᠡᠭᠡᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠢ ᠭᠡᠵᠡᠢ᠃ | | | ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠣᠭᠤᠷᠢᠨ | ᠪᠠᠶᠢᠴᠠᠭᠠᠯᠲᠠ ᠳᠤ ᠢᠯᠡᠷᠡᠭᠦᠯᠦᠭᠰᠡᠨ ᠨᠡᠶᠢᠲᠡᠯᠢᠭ ᠠᠰᠠᠭᠤᠳᠠᠯ ᠢ ᠵᠠᠷᠯᠠᠨ ᠮᠡᠳᠡᠭᠳᠡᠵᠦ᠂ ᠶᠡᠷᠦᠩᠬᠡᠢ ᠱᠦᠵᠢ ᠰᠢ ᠶᠢᠨ | ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ | ᠣᠨᠣᠪᠴᠢᠲᠠᠶ ᠡᠵᠡᠮᠳᠡᠵᠦ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠰᠠᠶᠢᠲᠤᠷ ᠬᠢᠵᠦ᠂ ᠬᠠᠰᠢ ᠶᠠᠰᠢ ᠪᠠᠶᠢᠬᠤ ᠶᠢ ᠡᠷᠡᠰ ᠰᠡᠷᠭᠡᠶᠢᠯᠡᠵᠦ᠂ ᠦᠨᠡᠨ ᠬᠦ ᠰᠠᠶᠢᠵᠢᠷᠠᠭᠤᠯᠵᠤ ᠪᠣᠳᠠᠲᠠᠢ | ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ︽ᠠᠯᠳᠠᠭ᠎ᠠ | ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ︾ ᠭᠡᠬᠦ ᠣᠶᠢᠯᠠᠭᠠᠭᠳᠠᠬᠤᠨ ᠢ ᠪᠤᠢ ᠪᠣᠯᠭᠠᠵᠤ᠂ | ᠪᠤᠷᠤᠭᠤ ᠶᠢ ᠥᠭᠡᠷᠡᠴᠢᠯᠡᠬᠦ᠂ ᠲᠣᠭᠲᠠᠴᠠ ᠶᠢ ᠥᠭᠡᠷᠡᠴᠢᠯᠡᠬᠦ᠂ ᠰᠤᠷᠲᠠᠯ ᠢ ᠰᠠᠶᠢᠵᠢᠷᠠᠭᠤᠯᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ᠠᠯᠳᠠᠰᠢ ᠭᠠᠷᠬᠤ ᠶᠢ ᠡᠬᠢ ᠡᠭᠦᠰᠦᠯ ᠠᠴᠠ ᠨᠢ ᠬᠤᠷᠢᠭᠯᠠᠵᠤ᠂ ᠳᠦᠷᠢᠮ ᠢᠶᠠᠷ ᠡᠷᠬᠡ᠂ | ᠬᠥᠮᠥᠨ᠂ ᠤᠴᠢᠷ ᠶᠠᠪᠤᠳᠠᠯ ᠢ ᠦᠨᠡᠨ ᠬᠦ ᠬᠠᠮᠢᠶᠠᠷᠴᠤ᠂ ᠨᠡᠶᠢᠲᠡᠴᠢ ᠴᠢᠨᠠᠷᠲᠠᠢ ᠠᠰᠠᠭᠤᠳᠠᠯ ᠲᠠᠬᠢᠨ ᠳᠠᠪᠲᠠᠨ | ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠰᠢᠨ᠎ᠡ ᠳᠠᠷᠤᠭ᠎ᠠ ᠬᠠᠭᠤᠴᠢᠨ ᠳᠠᠩᠰᠠ ᠶᠢ ᠳᠠᠭᠠᠭᠠᠵᠤ᠂ ᠡᠭᠦᠷᠭᠡᠯᠡᠪᠡᠰᠦ ᠵᠣᠬᠢᠬᠤ | ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠲᠦᠷᠦᠯ ᠤᠨ ᠲᠡᠦᠬᠡ ᠶᠢᠨ ᠦᠯᠡᠳᠡᠭᠳᠡᠯ ᠠᠰᠠᠭᠤᠳᠠᠯ ᠢ ᠰᠡᠳᠬᠢᠯ ᠲᠠᠯᠪᠢᠨ | ᠬᠦᠴᠦ ᠣᠷᠣᠭᠤᠯᠤᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | ᠬᠤᠷᠠᠯ ᠠᠴᠠ ᠴᠢᠬᠤᠯᠠᠴᠢᠯᠠᠭᠰᠠᠨ ᠨᠢ᠂ ᠡᠷᠦᠬᠡ ᠠᠮᠠ ᠣᠷᠣᠭᠤᠯᠬᠤ᠂ ᠠᠵᠢᠯ ᠣᠯᠭᠤᠯᠲᠠ ᠪᠠᠷ ᠬᠠᠪᠰᠤᠷᠤᠨ | ᠲᠡᠳᠬᠦᠬᠦ᠂ ᠣᠷᠣᠨ ᠰᠠᠭᠤᠴᠠ ᠶᠢᠨ ᠪᠠᠲᠤᠯᠠᠭ᠎ᠠ᠂ ᠬᠥᠩᠭᠡᠵᠢᠯᠲᠡ ᠪᠣᠶᠢᠵᠢᠭᠤᠯᠤᠯᠲᠠ ᠵᠡᠷᠭᠡ ᠶᠠᠪᠤᠳᠠᠯ ᠢ ᠨᠠᠷᠢᠨ | ᠬᠢᠨᠠᠮᠠᠭᠠᠢ ᠰᠤᠳᠤᠯᠵᠤ᠂ ᠣᠷᠣᠨ ᠤ ᠲᠥᠪ ᠬᠤᠲᠠ ᠶᠢᠨ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠳᠤ | ᠦᠶ᠎ᠡ ᠶᠢᠨ ᠠᠵᠤ ᠦᠢᠯᠡᠰ ᠢᠶᠠᠷ ᠬᠥᠮᠥᠨ ᠢ ᠲᠠᠲᠠᠬᠤ᠂ ᠰᠤᠷᠭᠠᠨ ᠬᠥᠮᠦᠵᠢᠯ ᠡᠮᠴᠢᠯᠡᠭᠡ ᠪᠠᠷ ᠬᠥᠮᠥᠨ ᠢ ᠲᠥᠪᠯᠡᠷᠡᠭᠦᠯᠬᠦ᠂ | ᠦᠵᠡᠰᠬᠦᠯᠡᠩᠲᠦ ᠰᠠᠶᠢᠬᠠᠨ ᠣᠷᠴᠢᠨ ᠲᠣᠭᠤᠷᠢᠨ ᠢᠶᠠᠷ ᠬᠥᠮᠥᠨ ᠢ ᠦᠯᠡᠳᠡᠭᠡᠬᠦ ᠪᠠᠷ ᠳᠠᠮᠵᠢᠭᠤᠯᠵᠤ᠂ ᠬᠥᠮᠥᠨ | ᠠᠮᠠ ᠶᠢᠨ ᠣᠷᠣᠨ ᠤ ᠲᠥᠪ ᠬᠤᠲᠠ ᠳᠤ ᠲᠥᠪᠯᠡᠷᠡᠬᠦ ᠶᠢ ᠲᠦᠷᠭᠡᠳᠬᠡᠨ ᠠᠬᠢᠭᠤᠯᠵᠤ᠂ ᠣᠳᠣᠬᠢᠴᠢᠯᠠᠭᠰᠠᠨ ᠣᠷᠣᠨ | ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠲᠠᠢ ᠵᠣᠬᠢᠴᠠᠯᠳᠤᠭᠰᠠᠨ ᠬᠥᠮᠥᠨ ᠤ ᠬᠦᠴᠦᠨ ᠤ ᠡᠬᠢ | ᠪᠠᠶᠠᠯᠢᠭ ᠤᠨ ᠲᠤᠯᠭᠠᠭᠤᠷᠢᠯᠠᠯ ᠢ ᠪᠦᠷᠢᠯᠳᠦᠭᠦᠯᠬᠦ ᠬᠡᠷᠡᠭᠲᠡᠢ ᠭᠡᠵᠡᠢ᠃ | | | ᠬᠤᠷᠠᠯ ᠠᠴᠠ ᠪᠥᠬᠦ ᠬᠤᠲᠠ ᠶᠢᠨ ᠳᠤᠯᠠᠭᠠᠯᠠᠭ᠎ᠠ ᠶᠢᠨ ᠢᠨᠵᠧᠨᠧᠷᠢᠩ ᠪᠠ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠠᠭ ᠠᠭᠤᠷ ᠤᠨ | ᠬᠤᠪᠢᠷᠠᠯᠲᠠ ᠳᠤ ᠴᠢᠭᠯᠡᠭᠦᠯᠦᠨ᠂ ︽ᠰᠤᠷᠪᠤᠯᠵᠢ᠂ ᠲᠣᠣᠷ᠂ ᠦᠵᠦᠭᠦᠷ︾ ᠢ ᠵᠣᠬᠢᠴᠠᠭᠤᠯᠤᠨ᠂ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠳᠤᠯᠠᠭᠠᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ | ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠬᠠᠷᠢᠶ᠎ᠠ ᠭᠠᠵᠠᠷ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭ᠎ᠠ | ᠨᠢᠮᠪᠠᠢ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠠᠭᠠᠷ ᠮᠠᠨᠳᠠᠯ ᠤᠨ ᠣᠷᠴᠢᠨ ᠲᠣᠭᠤᠷᠢᠨ ᠢ ᠡᠪᠳᠡᠭᠰᠡᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠠᠭᠠᠷ ᠮᠠᠨᠳᠠᠯ ᠤᠨ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |