ᠮᠠᠨ ᠤ ᠣᠷᠣᠨ ᠤ ᠠᠩᠬᠠᠳᠠᠭᠴᠢ ᠳ᠋ᠠᠶᠢᠲ᠋ᠠ ᠶᠢᠨ ᠠᠷᠠᠯᠵᠢᠶᠠᠨ ᠤ ᠲᠥᠪ ᠢ ᠪᠦᠬᠦ ᠲᠠᠯ᠎ᠠ ᠪᠠᠷ ᠪᠠᠶᠢᠭᠤᠯᠵᠤ ᠳᠠᠭᠤᠰᠬᠠᠪᠠ
ᠨᠡᠶᠢᠲᠡᠯᠡᠭᠰᠡᠨ ᠴᠠᠭ᠄
2024/11/4
     ᠮᠠᠨ ᠤ ᠣᠷᠣᠨ ᠤ ᠠᠩᠬᠠᠳᠠᠭᠴᠢ ᠳ᠋ᠠᠶᠢᠲ᠋ᠠ ᠶᠢᠨ ᠠᠷᠠᠯᠵᠢᠶᠠᠨ ᠤ ᠲᠥᠪ ᠢ ᠪᠦᠬᠦ ᠲᠠᠯ᠎ᠠ ᠪᠠᠷ ᠪᠠᠶᠢᠭᠤᠯᠵᠤ ᠳᠠᠭᠤᠰᠬᠠᠪᠠ᠃ ᠥᠪᠥᠷ ᠮᠣᠩᠭᠤᠯ ᠤᠨ ᠳ᠋ᠠᠶᠢᠲ᠋ᠠ ᠶᠢᠨ ᠠᠷᠠᠯᠵᠢᠶᠠᠨ ᠤ ᠲᠥᠪ ᠨᠢ ᠮᠠᠨ ᠤ ᠣᠷᠣᠨ ᠤ ᠴᠣᠷ ᠤᠨ ᠭᠠᠭᠴᠠ ᠠᠷᠠᠯᠵᠢᠶᠠᠯᠠᠬᠤ ᠲᠠᠯᠠᠪᠤᠷ ᠭᠠᠵᠠᠷ ᠤᠨ ᠬᠢᠷᠢ ᠬᠡᠮ ᠲᠠᠢ ᠳ᠋ᠠᠶᠢᠲ᠋ᠠ ᠶᠢᠨ ᠠᠷᠠᠯᠵᠢᠶᠠᠨ ᠤ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠣᠳᠣᠬᠠᠨ ᠳᠤ ᠵᠠᠰᠠᠯᠲᠠ ᠶᠢᠨ ᠲᠣᠭᠲᠠᠯᠴᠠᠭᠠᠨ ᠤ ᠪᠣᠷᠣ ᠲᠥᠯᠥᠪ ᠢᠶᠠᠨ ᠦᠨᠳᠦᠰᠦᠨ ᠳᠤ ᠪᠠᠨ ᠪᠠᠶᠢᠭᠤᠯᠵᠤ᠂ ᠬᠠᠲᠠᠭᠤ ᠲᠣᠨᠤᠭ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢ ᠦᠨᠳᠦᠰᠦᠨ  ᠳᠤ ᠪᠠᠨ ᠪᠡᠶᠡᠯᠡᠭᠦᠯᠵᠦ᠂ ᠡᠯ᠎ᠡ ᠲᠥᠷᠥᠯ ᠤᠨ ᠳᠦᠷᠢᠮ ᠲᠣᠭᠲᠠᠭᠠᠯ ᠢᠶᠠᠨ ᠠᠩᠬ᠎ᠠ ᠠᠯᠬᠤᠮ ᠪᠠᠶᠢᠭᠤᠯᠤᠨ᠂ ᠠᠵᠢᠯᠲᠠᠳ ᠨᠢ ᠦᠨᠳᠦᠰᠦᠨ ᠳᠤ ᠪᠠᠨ ᠠᠵᠢᠯ ᠤᠨ ᠪᠠᠶᠢᠷᠢᠨ ᠳᠤ ᠭᠠᠷᠴᠤ ᠠᠵᠢᠯᠯᠠᠵᠤ ᠡᠬᠢᠯᠡᠪᠡ᠃ ᠣᠶᠢᠷ᠎ᠠ ᠳᠤ᠂ ᠥᠪᠥᠷ ᠮᠣᠩᠭᠤᠯ ᠤᠨ ᠳ᠋ᠠᠶᠢᠲ᠋ᠠ ᠶᠢᠨ ᠠᠷᠠᠯᠵᠢᠶᠠᠨ ᠤ ᠲᠥᠪ ᠨᠢᠭᠡᠨᠲᠡ ᠲᠤᠰᠬᠠᠢ ᠮᠡᠷᠭᠡᠵᠢᠯᠲᠡᠳ ᠤᠨ ᠳᠤᠭᠤᠶᠢᠯᠠᠩ ᠤᠨ ᠪᠦᠬᠦᠯᠢ ᠴᠣᠭᠴᠠ ᠶᠢᠨ ᠰᠢᠯᠭᠠᠨ ᠪᠠᠶᠢᠴᠠᠭᠠᠯᠲᠠ ᠶᠢ ᠥᠩᠭᠡᠷᠡᠭᠡᠭᠰᠡᠨ ᠨᠢ ᠠᠩᠬᠠᠳᠠᠭᠴᠢ ᠳ᠋ᠠᠶᠢᠲ᠋ᠠ ᠶᠢᠨ ᠠᠷᠠᠯᠵᠢᠶᠠᠨ ᠤ ᠲᠥᠪ ᠤᠨ ᠪᠦᠬᠦ ᠲᠠᠯ᠎ᠠ ᠪᠠᠷ ᠪᠠᠶᠢᠭᠤᠯᠤᠭᠳᠠᠭᠰᠠᠨ ᠢ ᠬᠠᠷᠠᠭᠤᠯᠵᠤ ᠪᠠᠶᠢᠨ᠎ᠠ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号