ᠲᠤᠬᠠᠢ ᠶᠢᠨ ᠲᠠᠯᠠᠪᠠᠢ ᠳᠤ ᠵᠥᠪᠯᠡᠯᠴᠡᠭᠡᠷ ᠲᠣᠭᠲᠠᠭᠰᠠᠨ ᠬᠡᠮᠵᠢᠶ᠎ᠡ 118 ᠳ᠋ᠦᠩᠰᠢᠭᠤᠷ ᠲᠥᠭᠦᠷᠢᠭ ᠢ ᠳᠠᠪᠠᠵᠤ ︽ᠥᠪᠥᠷ ᠮᠣᠩᠭᠤᠯ ᠤᠨ ᠦᠨᠦᠷ ᠠᠮᠲᠠ︾ ᠬᠠᠩᠵᠧᠦ ᠶᠢᠨ ᠬᠡᠷᠡᠭᠯᠡᠭᠴᠢᠳ ᠲᠤ ᠲᠠᠭᠠᠰᠢᠶᠠᠭᠳᠠᠯ᠎ᠠ
ᠨᠡᠶᠢᠲᠡᠯᠡᠭᠰᠡᠨ ᠴᠠᠭ᠄
2024/11/4
     ᠡᠮᠦᠨᠡᠬᠡᠨ ︽ᠪᠣᠭᠤᠮᠲᠠ ᠶᠢᠨ ᠭᠠᠳᠠᠨᠠᠬᠢ ᠪᠣᠬᠢᠷᠳᠤᠯ ᠦᠭᠡᠢ ᠪᠦᠲᠦᠭᠡᠭᠳᠡᠬᠦᠨ·ᠬᠠᠩᠵᠧᠦ ᠳᠠᠬᠢ ᠪᠣᠯᠵᠤᠭ᠎ᠠ︾ ᠰᠢᠷᠢᠰ ᠠᠵᠢᠯᠯᠠᠭ᠎ᠠ ᠵᠧᠵᠢᠶᠠᠩ ᠮᠤᠵᠢ ᠶᠢᠨ ᠬᠠᠩᠵᠧᠦ ᠬᠤᠲᠠ ᠳᠤ ᠡᠬᠢᠯᠡᠵᠦ᠂ ᠥᠪᠥᠷ ᠮᠣᠩᠭᠤᠯ ᠤᠨ 12 ᠠᠶᠢᠮᠠᠭ ᠬᠤᠲᠠ ᠶᠢᠨ 360 ᠭᠠᠷᠤᠢ ᠠᠵᠤ ᠠᠬᠤᠶᠢᠯᠠᠯ 2000 ᠭᠠᠷᠤᠢ ᠵᠦᠢᠯ ᠤᠨ ᠪᠦᠲᠦᠭᠡᠭᠳᠡᠬᠦᠨ ᠢᠶᠠᠨ ᠳᠡᠯᠭᠡᠨ ᠪᠣᠷᠣᠯᠠᠭᠤᠯᠵᠤ᠂ ᠳ᠋ᠠ ᠪᠧᠢ ᠨᠦᠩ᠂ ᠵᠢᠩ ᠳ᠋ᠦᠩ᠂ ᠦ᠋ ᠮᠧᠶ ᠵᠡᠷᠭᠡ ᠬᠤᠳᠠᠯᠳᠤᠨ ᠠᠪᠬᠤ ᠠᠵᠤ ᠠᠬᠤᠶᠢᠯᠠᠯ ᠲᠤᠬᠠᠢ ᠶᠢᠨ ᠲᠠᠯᠠᠪᠠᠶ ᠳᠤ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ ᠵᠥᠪᠯᠡᠯᠴᠡᠭᠡᠷ ᠲᠣᠭᠲᠠᠵᠤ᠂ ᠵᠥᠪᠯᠡᠯᠴᠡᠭᠡᠷ ᠲᠣᠭᠲᠠᠭᠰᠠᠨ ᠵᠣᠭᠤᠰ ᠤᠨ ᠶᠡᠷᠦᠩᠬᠡᠢ ᠬᠡᠮᠵᠢᠶ᠎ᠡ 118 ᠳ᠋ᠦᠩᠰᠢᠭᠤᠷ ᠭᠠᠷᠤᠢ ᠲᠥᠭᠦᠷᠢᠭ ᠲᠤ ᠬᠦᠷᠴᠡᠢ᠃ ᠠᠵᠢᠯᠯᠠᠭ᠎ᠠ ᠨᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠶᠡᠭᠡ ᠬᠤᠷᠠᠯ᠂ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠭᠦᠯᠡᠩ ᠤᠨ ᠴᠤᠭᠯᠠᠭᠠᠨ᠂ ᠳᠥᠷᠪᠡᠳᠦᠭᠡᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠶᠢ ᠬᠠᠪᠰᠤᠷᠤᠨ ᠲᠡᠳᠬᠦᠬᠦ ᠶᠢ ᠠᠬᠢᠭᠤᠯᠬᠤ ᠬᠤᠷᠠᠯ ᠵᠡᠷᠭᠡ ᠠᠭᠤᠯᠭ᠎ᠠ ᠪᠠᠷ ᠶᠠᠪᠤᠭᠳᠠᠵᠤ᠂ ︽ᠪᠡᠭᠡᠵᠢᠩ ᠵᠧᠵᠢᠶᠠᠩ ᠥᠪᠥᠷ ᠮᠣᠩᠭᠤᠯ︾ ᠬᠡᠷᠡᠭᠯᠡᠭᠡᠨ ᠤ ᠲᠠᠪᠴᠠᠩ ᠢ ᠪᠠᠶᠢᠭᠤᠯᠵᠤ᠂ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠪᠣᠷᠣᠯᠠᠭᠤᠯᠬᠤ ᠬᠡᠪᠴᠢᠶ᠎ᠡ ᠶᠢ ᠤᠯᠠᠮ ᠴᠢᠨᠠᠭᠰᠢᠳᠠ ᠥᠷᠭᠡᠳᠬᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠦᠷ᠎ᠡ ᠪᠦᠲᠦᠭᠡᠯ ᠢ ᠳᠡᠯᠭᠡᠨ ᠦᠵᠡᠭᠦᠯᠵᠡᠢ᠃      ᠡᠭᠢᠯᠡᠯᠲᠡ ᠶᠢᠨ ᠶᠣᠰᠣᠯᠠᠯ ᠳᠡᠭᠡᠷ᠎ᠡ᠂ ᠬᠥᠳᠡᠭᠡ ᠠᠵᠤ ᠠᠬᠤᠢ ᠶᠢᠨ ᠭᠤᠣᠯ ᠳᠡᠯᠭᠡᠷᠡᠭᠦᠯᠬᠦ ᠮᠡᠷᠭᠡᠵᠢᠯ᠂ ᠰᠢᠯᠢᠳᠡᠭ ᠲᠠᠷᠢᠮᠠᠯ ᠤᠨ ᠡᠭᠦᠯᠳᠡᠷ᠂ ᠰᠢᠯᠢᠳᠡᠭ ᠮᠠᠯ ᠤᠨ ᠡᠭᠦᠯᠳᠡᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠮᠠᠰᠢᠨ ᠵᠡᠷᠭᠡ 5 ᠶᠡᠭᠡ ᠲᠥᠷᠥᠯ 50 ᠵᠦᠢᠯ ᠤᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠴᠢᠬᠤᠯᠠ ᠶᠡᠭᠡ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠨᠡᠶᠢᠲᠡᠯᠡᠪᠡ᠃ ᠪᠠᠰᠠ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠲᠥᠪ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠠᠷᠠᠯᠵᠢᠶᠠᠴᠢᠨ ᠤᠷᠢᠵᠤ ᠪᠡᠯᠡ ᠬᠤᠷᠠᠮᠳᠤᠭᠤᠯᠬᠤ ᠡᠯᠴᠢᠨ ᠳᠤ ᠫᠠᠶᠢᠰᠠ ᠣᠯᠭᠤᠬᠤ ᠶᠣᠰᠣᠯᠠᠯ ᠶᠠᠪᠤᠭᠤᠯᠤᠭᠰᠠᠨ ᠪᠥᠭᠡᠳ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠮᠢᠬᠠᠨ ᠤ ᠬᠤᠨᠢ᠂ ᠰᠦ ᠶᠢᠨ ᠦᠢᠯᠡᠰ᠂ ᠮᠢᠬᠠᠨ ᠤ ᠦᠬᠡᠷ᠂ ᠢᠮᠠᠭᠠᠨ ᠨᠣᠣᠯᠣᠭᠤᠷ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠠᠷᠠᠯᠵᠢᠶᠠᠴᠢᠨ ᠤᠷᠢᠵᠤ ᠲᠠᠨᠢᠯᠴᠠᠭᠤᠯᠪᠠ᠃      ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠠᠶᠢᠮᠠᠭ ᠬᠤᠲᠠ ᠪᠠᠰᠠ ᠭᠤᠣᠯ ᠰᠡᠳᠦᠪᠲᠦ ᠡᠳᠦᠷᠯᠢᠭ ᠤᠨ ᠠᠵᠢᠯᠯᠠᠭ᠎ᠠ ᠡᠷᠭᠢᠯᠡᠵᠦ᠂ ᠣᠨᠴᠠᠯᠢᠭᠲᠤ ᠪᠦᠲᠦᠭᠡᠭᠳᠡᠬᠦᠨ ᠢ ᠲᠠᠨᠢᠯᠴᠠᠭᠤᠯᠬᠤ᠂ ᠵᠠᠬᠢᠶᠠᠯᠠᠭ᠎ᠠ ᠴᠤᠭᠯᠠᠭᠤᠯᠤᠨ ᠬᠤᠳᠠᠯᠳᠤᠨ ᠠᠪᠬᠤ ᠭᠡᠷ᠎ᠡ ᠲᠣᠭᠲᠠᠬᠤ᠂ ᠰᠦᠯᠵᠢᠶ᠎ᠡ ᠪᠠᠷ ᠳᠡᠯᠭᠡᠨ ᠬᠤᠳᠠᠯᠳᠤᠬᠤ ᠰᠢᠭᠤᠳ ᠨᠡᠪᠲᠡᠷᠡᠭᠦᠯᠭᠡ ᠬᠢᠬᠦ ᠪᠠ ᠬᠠᠷᠢᠯᠴᠠᠨ ᠬᠥᠳᠡᠯᠦᠯᠴᠡᠬᠦ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠳ ᠲᠤ ᠣᠶᠢᠷ᠎ᠠ ᠵᠠᠢ  ᠠᠴᠠ ︽ᠲᠡᠷᠲᠡᠭᠡ ᠬᠤᠯᠠ ᠶᠢᠨ ᠲᠠᠯ᠎ᠠ ᠨᠤᠲᠤᠭ᠂ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠳᠤᠯ ᠦᠭᠡᠢ ᠦᠨᠦᠷ ᠠᠮᠲᠠ︾ ᠶᠢ ᠮᠡᠳᠡᠷᠡᠭᠦᠯᠪᠡ᠃      ᠣᠶᠢᠷ᠎ᠠ ᠶᠢᠨ ᠵᠢᠯ ᠤᠨ ᠲᠤᠷᠰᠢ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠲᠣᠭᠲᠠᠴᠠ ᠪᠠᠶᠢᠭᠤᠯᠬᠤ᠂ ᠰᠠᠭᠤᠷᠢ ᠲᠠᠯᠪᠢᠬᠤ᠂ ᠨᠠᠷᠠᠲᠤ ᠲᠡᠮᠳᠡᠭ ᠢ ᠬᠦᠴᠦᠷᠬᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠭᠦ᠂ ᠪᠣᠷᠤᠯᠠᠭᠤᠯᠭ᠎ᠠ ᠶᠢᠨ ᠵᠠᠮ ᠢ ᠥᠷᠭᠡᠳᠬᠡᠬᠦ᠂ ᠬᠡᠪ ᠵᠠᠭᠪᠤᠷ ᠢ ᠡᠭᠦᠳᠬᠦ ᠪᠠᠷ ᠳᠠᠮᠵᠢᠭᠤᠯᠤᠨ᠂ ᠤᠷᠢᠳ ᠬᠤᠵᠢᠳ ᠪᠡᠭᠡᠵᠢᠩ᠂ ᠴᠦᠩᠴᠢᠩ ᠵᠡᠷᠭᠡ ᠭᠠᠵᠠᠷ ᠲᠤ ︽ᠪᠣᠬᠢᠷᠳᠤᠯ ᠦᠭᠡᠢ ᠪᠦᠲᠦᠭᠡᠭᠳᠡᠬᠦᠨ ᠢ ᠪᠣᠭᠤᠮᠲᠠ ᠠᠴᠠ ᠭᠠᠷᠭᠠᠬᠤ︾ ᠬᠡᠷᠡᠭᠯᠡᠭᠡ ᠶᠢ ᠴᠤᠭᠯᠠᠭᠤᠯᠤᠨ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠬᠥᠭᠦᠷᠭᠡ ᠪᠠ ᠬᠤᠯᠪᠣᠭᠠᠰᠤ ᠪᠠᠷ ᠳᠠᠮᠵᠢᠭᠤᠯᠤᠨ᠂ ︽ᠥᠪᠥᠷ ᠮᠣᠩᠭᠤᠯ ᠨᠡᠷᠡᠮᠵᠢᠲᠦ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠯᠤᠰ ᠤᠨ ᠳᠣᠲᠣᠭᠠᠳᠤ ᠶᠢᠨ ᠡᠯ᠎ᠡ ᠭᠠᠵᠠᠷ ᠣᠷᠣᠨ ᠳᠤ ᠪᠣᠷᠣᠯᠠᠭᠤᠯᠪᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠲᠤᠭ᠎ᠠ ᠵᠢᠯ ᠳᠠᠷᠠᠭᠠᠯᠠᠨ ᠨᠡᠮᠡᠭᠳᠡᠵᠦ᠂ 2023 ᠣᠨ ᠳᠤ 208 ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ ᠠᠴᠠ ᠨᠠᠭᠠᠰᠢ ᠨᠢᠭᠡᠨᠲᠡ 258 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号