ᠥᠪᠥᠷ ᠮᠣᠩᠭᠤᠯ ᠤᠨ ᠶᠡᠭᠡ ᠰᠤᠷᠭᠠᠭᠤᠯᠢ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2024/11/5
     ᠥᠪᠥᠷ ᠮᠣᠩᠭᠤᠯ ᠤᠨ ᠶᠡᠭᠡ ᠰᠤᠷᠭᠠᠭᠤᠯᠢ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠳᠤ ᠬᠦᠴᠦᠨ ᠨᠡᠮᠡᠷᠢᠯᠡᠵᠦ ᠪᠤᠢ᠃ ᠥᠪᠥᠷ ᠮᠣᠩᠭᠤᠯ ᠤᠨ ᠶᠡᠭᠡ ᠰᠤᠷᠭᠠᠭᠤᠯᠢ ᠨᠢ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ᠂ ᠤᠷᠮᠠᠰᠢᠭᠤᠯᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷᠴᠢᠯᠡᠨ ᠡᠵᠡᠩᠨᠡᠨ ᠠᠵᠢᠯᠯᠠᠭᠤᠯᠬᠤ ᠲᠣᠭᠲᠠᠴᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠵᠠᠮ ᠢ ᠰᠠᠭᠠᠳ ᠦᠭᠡᠢ ᠨᠠᠪᠲᠠᠷᠡᠭᠦᠯᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠠᠨ ᠴᠢᠩᠭᠠᠳᠬᠠᠪᠠ᠃ ᠣᠷᠴᠢᠮ ᠤᠨ ᠭᠤᠷᠪᠠᠨ ᠵᠢᠯ ᠳᠤ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ 46 ᠵᠦᠢᠯ ᠪᠠᠶᠢᠵᠤ᠂ ᠬᠥᠨᠳᠡᠯᠡᠨ ᠴᠢᠭᠯᠡᠯ ᠢᠶᠠᠷ ᠰᠤᠳᠤᠯᠭᠠᠨ ᠤ ᠰᠡᠳᠦᠪ  ᠥᠷᠨᠢᠭᠦᠯᠬᠦ ᠪᠠᠷ ᠳᠠᠮᠵᠢᠨ ᠳᠠᠩᠰᠠᠨ ᠳᠤ ᠣᠷᠣᠭᠤᠯᠤᠭᠰᠠᠨ ᠵᠠᠷᠤᠳᠠᠯ ᠮᠥᠩᠭᠦ 6567 ᠲᠦᠮᠡᠨ ᠲᠥᠭᠦᠷᠢᠭ ᠲᠤ ᠬᠦᠷᠪᠡ︔ ᠬᠤᠶᠠᠳᠤᠭᠠᠷ ᠨᠢᠭᠡᠴᠢ ᠶᠢᠨ ᠬᠤᠪᠢ ᠪᠠᠷ ᠬᠠᠮᠲᠤᠷᠠᠨ ᠪᠡᠶᠡᠯᠡᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠣᠯᠬᠤ ︽ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠰᠠᠯᠬᠢᠨ ᠳᠤ ᠢᠳᠡᠭᠳᠡᠵᠦ ᠲᠠᠷᠢᠶᠠᠨ ᠭᠠᠵᠠᠷ ᠤᠨ ᠳᠠᠬᠢᠵᠦ ᠰᠡᠷᠭᠦᠬᠦ ᠬᠦᠴᠦᠨ ᠢ ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠬᠢᠭᠡᠳ ᠬᠡᠷᠡᠭᠯᠡᠯᠲᠡ︾ ᠨᠢ 2023 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ᠃ ᠨᠢᠭᠡᠳᠦᠭᠡᠷ ᠮᠡᠷᠭᠡᠵᠢᠯ ᠢ ᠡᠵᠡᠮᠰᠢᠵᠦ ᠪᠡᠶᠡᠯᠡᠭᠦᠯᠦᠭᠰᠡᠨ ᠨᠢᠭᠡᠴᠢ ᠪᠣᠯᠤᠭᠰᠠᠨ ᠤ ᠬᠤᠪᠢ ᠳᠤ ᠪᠣᠶᠢᠵᠢᠭᠤᠯᠤᠭᠰᠠᠨ ︽ᠬᠤᠸᠠ ᠮᠧᠩ ᠠᠯᠠᠰᠢᠨ ᠬᠤᠨᠢ︾ ᠶᠢᠨ ᠰᠢᠨ᠎ᠡ ᠡᠭᠦᠯᠳᠡᠷ ᠪᠠ ᠬᠠᠮᠲᠤᠷᠠᠨ ᠪᠣᠶᠢᠵᠢᠭᠤᠯᠤᠭᠰᠠᠨ ᠠᠯᠠᠰᠢᠨ ᠬᠤᠨᠢᠨ ᠤ ᠰᠢᠨ᠎ᠡ ᠡᠭᠦᠯᠳᠡᠷ ᠪᠣᠯᠬᠤ ︽ᠳ᠋ᠦ᠋ ᠮᠧᠩ ᠬᠤᠨᠢ︾ ᠶᠢ ᠤᠯᠤᠰ ᠤᠨ ᠤᠳᠤᠮᠯᠠᠯ ᠤᠨ ᠡᠬᠢ ᠪᠠᠶᠠᠯᠢᠭ ᠤᠨ ᠺᠣᠮᠢᠰ ᠠᠴᠠ ᠬᠢᠨᠠᠨ ᠲᠣᠭᠲᠠᠭᠠᠵᠠᠢ︔ ᠣᠯᠠᠨ ᠤᠯᠤᠰ ᠤᠨ ᠠᠩᠬᠠᠳᠠᠭᠴᠢ ᠮᠣᠩᠭᠤᠯ ᠬᠤᠨᠢᠨ ᠤ ᠤᠳᠤᠮ ᠤᠨ ᠬᠤᠨᠢᠨ ᠤ ᠦᠷᠡᠵᠢᠯ ᠤᠨ ᠴᠢᠳᠠᠪᠤᠷᠢ ᠶᠢ ᠪᠠᠶᠢᠴᠠᠭᠠᠨ ᠰᠢᠯᠭᠠᠬᠤ ᠳᠣᠣᠷ᠎ᠠ ᠨᠢᠭᠲᠠᠴᠠ ᠲᠠᠢ SNP ᠭᠧᠨ ᠤ ᠴᠢᠫ ᠢ ᠰᠤᠳᠤᠯᠤᠨ ᠦᠢᠯᠡᠳᠪᠡ︔ ᠲᠦᠷᠦᠭᠦᠯᠡᠨ ᠬᠢᠵᠦ ᠰᠤᠳᠤᠯᠤᠨ ᠨᠡᠭᠡᠭᠡᠭᠰᠡᠨ ᠰᠠᠭᠠᠯᠢ ᠶᠢᠨ ᠦᠨᠢᠶ᠎ᠡ ᠪᠠ ᠪᠤᠬ᠎ᠠ ᠶᠢ ᠪᠣᠶᠢᠵᠢᠭᠤᠯᠬᠤ ᠪᠠ ᠬᠦᠢᠰᠦ ᠶᠢᠨ ᠢᠯᠭᠠᠯ ᠢ ᠬᠢᠵᠠᠭᠠᠷᠯᠠᠨ ᠦᠷᠡᠵᠢᠭᠦᠯᠵᠦ ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠢ ᠪᠥᠬᠦ ᠤᠯᠤᠰ ᠤᠨ ᠰᠠᠭᠠᠯᠢ ᠶᠢᠨ ᠦᠨᠢᠶ᠎ᠡ ᠶᠢᠨ 5174 ᠲᠠᠯᠠᠪᠠᠶ ᠳᠤ ᠳᠡᠯᠭᠡᠷᠡᠭᠦᠯᠦᠨ ᠬᠡᠷᠡᠭᠯᠡᠵᠦ᠂ ᠠᠵᠤ ᠠᠬᠤᠶᠢᠯᠠᠯ ᠳᠤ ᠨᠡᠶᠢᠲᠡ 19.83 ᠳ᠋ᠦᠩᠰᠢᠭᠤᠷ ᠲᠥᠭᠦᠷᠢᠭ ᠤᠨ ᠠᠰᠢᠭ ᠣᠷᠣᠯᠭ᠎ᠠ ᠨᠡᠮᠡᠭᠳᠡᠭᠦᠯᠪᠡ᠃ ︵ᠰᠤᠷᠭᠠᠨ ᠬᠥᠮᠦᠵᠢᠯ ᠤᠨ ᠲᠢᠩᠬᠢᠮ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号