| | ᠬᠦᠴᠢᠷ ᠶᠠᠪᠤᠳᠠᠯ ᠢ ᠭᠢᠯᠪᠠᠷ ᠠᠴᠠ ᠨᠢ ᠡᠬᠢᠯᠡᠨ ᠬᠢᠵᠦ᠂ ᠶᠡᠭᠡ ᠶᠠᠪᠤᠳᠠᠯ ᠢ ᠵᠢᠵᠢᠭ ᠠᠴᠠ ᠨᠢ ᠭᠠᠷᠳᠠᠨ ᠬᠢᠬᠦ | ᠴᠢᠬᠤᠯᠠᠲᠠᠢ᠃ ᠥᠭᠡᠷᠡᠴᠢᠯᠡᠯᠲᠡ ᠨᠢ ᠲᠡᠷᠡ ᠪᠦᠭᠦᠨ ᠢᠶᠠᠷ ᠢᠶᠠᠨ ᠲᠡᠭᠷᠢ ᠭᠠᠵᠠᠷ ᠢ ᠳᠣᠩᠰᠣᠯᠭᠠᠭᠰᠠᠨ ᠰᠦᠷ | ᠳᠠᠯᠠᠶᠢᠴᠠᠲᠠᠢ ︽ᠶᠡᠭᠡ ᠦᠢᠯᠡ︾ ᠪᠢᠰᠢ᠂ ᠵᠤᠷᠰᠢᠯ ᠪᠣᠯᠤᠭᠰᠠᠨ ᠠᠵᠢᠯ ᠤᠨ ᠮᠠᠭᠤᠬᠠᠢ ᠳᠠᠳᠬᠠᠯ᠂ ᠣᠯᠠᠨ ᠲᠦᠮᠡᠨ ᠢ | ᠤᠷᠲᠤ ᠬᠤᠭᠤᠴᠠᠭ᠎ᠠ ᠪᠠᠷ ᠭᠠᠴᠢᠭᠳᠠᠭᠤᠯᠵᠤ ᠢᠷᠡᠭᠰᠡᠨ ᠳᠡᠷᠭᠡᠳᠡᠬᠢ ᠶᠠᠪᠤᠳᠠᠯ ᠢ ᠰᠢᠢᠳᠪᠦᠷᠢᠯᠡᠬᠦ ᠨᠢ ᠮᠥᠨ ᠴᠤ | ᠥᠭᠡᠷᠡᠴᠢᠯᠡᠯᠲᠡ ᠮᠥᠨ᠃ | | | ᠥᠭᠡᠷᠡᠴᠢᠯᠡᠯᠲᠡ ᠬᠢᠬᠦ ᠳᠤ ᠬᠡᠷᠪᠡ ᠬᠠᠮᠢᠭ᠎ᠠ ᠠᠴᠠ ᠨᠢ ᠡᠬᠢᠯᠡᠵᠦ ᠬᠢᠬᠦ ᠪᠠᠨ ᠮᠡᠳᠡᠬᠦ ᠦᠭᠡᠢ ᠪᠣᠯ ᠵᠢᠵᠢᠭ | ᠶᠠᠪᠤᠳᠠᠯ ᠢ ᠰᠢᠢᠳᠪᠦᠷᠢᠯᠡᠬᠦ᠂ ᠪᠣᠳᠠᠲᠠᠢ ᠶᠠᠪᠤᠳᠠᠯ ᠢ ᠰᠢᠢᠳᠪᠦᠷᠢᠯᠡᠬᠦ ᠠᠴᠠ ᠭᠠᠷᠳᠠᠵᠤ ᠬᠢᠵᠦ ᠪᠣᠯᠣᠨ᠎ᠠ᠃ ᠨᠢᠭᠡ | ᠤᠳᠠᠭ᠎ᠠ ᠬᠤᠵᠢᠮᠳᠠᠵᠤ ᠠᠵᠢᠯ ᠳᠠᠭᠠᠨ ᠭᠠᠷᠬᠤ ᠪᠤᠶᠤ ᠡᠷᠲᠡ ᠠᠵᠢᠯ ᠠᠴᠠ ᠪᠠᠨ ᠪᠠᠭᠤᠬᠤ ᠨᠢ ᠤᠴᠢᠷ ᠶᠠᠪᠤᠳᠠᠯ | ᠭᠦᠢᠴᠡᠳᠬᠡᠬᠦ ᠪᠠᠷ ᠣᠴᠢᠭᠰᠠᠨ ᠤᠯᠠᠨ ᠲᠦᠮᠡᠨ ᠢ ᠢᠯᠡᠭᠦᠦ ᠨᠢᠭᠡ ᠤᠳᠠᠭ᠎ᠠ ᠭᠦᠶᠦᠯᠭᠡᠵᠦ ᠮᠡᠳᠡᠨ᠎ᠠ᠂ ᠨᠢᠭᠡ ᠤᠳᠠᠭ᠎ᠠ | ᠶᠢᠨ ᠬᠦᠢᠲᠡᠮᠰᠦᠭ ᠴᠢᠷᠠᠢ ᠨᠢ ᠺᠠᠳ᠋ᠷ ᠤᠯᠠᠨ ᠲᠦᠮᠡᠨ ᠤ ᠬᠤᠭᠤᠷᠤᠨᠳᠤᠭᠢ ᠬᠠᠷᠢᠴᠠᠭ᠎ᠠ ᠶᠢ ᠮᠠᠭᠤᠳᠠᠭᠤᠯᠵᠤ ᠮᠡᠳᠡᠨ᠎ᠠ᠂ | 3 ᠡᠳᠦᠷ ᠤᠨ ᠳᠣᠲᠣᠷ᠎ᠠ ᠭᠦᠢᠴᠡᠳᠬᠡᠵᠦ ᠳᠡᠶᠢᠯᠭᠦ ᠶᠠᠪᠤᠳᠠᠯ ᠢ 5 ᠡᠳᠦᠷ ᠪᠤᠯᠭᠠᠵᠤ ᠤᠳᠠᠭᠠᠰᠢᠷᠠᠭᠤᠯᠤᠨ | ᠬᠤᠶᠢᠰᠢᠯᠠᠭᠤᠯᠪᠠᠯ ᠶᠡᠭᠡ ᠶᠠᠪᠤᠳᠠᠯ ᠢ ᠰᠠᠭᠠᠲᠠᠭᠠᠵᠤ ᠮᠡᠳᠡᠨ᠎ᠠ᠂ ᠶᠠᠷᠢᠯᠴᠠᠵᠤ ᠶᠠᠷᠢᠯᠴᠠᠭᠠᠳ ᠰᠢᠢᠳᠪᠦᠷᠢ ᠭᠠᠷᠭᠠᠵᠤ | ᠲᠡᠶᠢᠯᠭᠦ ᠦᠭᠡᠢ ᠬᠤᠷᠠᠯ ᠢ ᠬᠤᠷᠠᠯᠳᠤᠭᠤᠯᠬᠤ ᠦᠭᠡᠢ ᠨᠢ ᠳᠡᠭᠡᠷ᠎ᠡ ᠶᠤᠮ᠃ ᠠᠰᠠᠭᠤᠳᠠᠯ ᠲᠤᠯᠭᠠᠷᠠᠪᠠᠯ ᠬᠡᠷᠬᠢᠨ | ᠰᠢᠢᠳᠪᠦᠷᠢᠯᠡᠬᠦ ᠶᠢ ᠰᠡᠳᠬᠢᠬᠦ ᠶᠤᠮ ᠤᠤ ᠡᠰᠡᠬᠦᠯ᠎ᠡ ︽ᠠᠪᠳᠠᠷ᠎ᠠ ᠬᠤᠷᠭᠤ ᠪᠠᠨ ᠤᠷᠪᠠᠭᠤᠯᠵᠤ︾ ᠠᠵᠢᠯ ᠬᠢᠬᠦ ᠦᠭᠡᠢ | ᠰᠢᠯᠲᠠᠭ ᠡᠷᠢᠬᠦ ᠶᠢᠨ ᠦᠷ᠎ᠡ ᠳ᠋ᠦᠩ ᠨᠢ ᠦᠰᠦᠳ ᠣᠨᠳᠣᠣ᠂ ᠠᠵᠢᠯ ᠬᠢᠵᠦ ᠦᠢᠯᠡᠰ ᠪᠣᠰᠬᠠᠬᠤ ᠳᠤ︽ᠳᠣᠯᠤᠭ᠎ᠠ ᠶᠢ | ᠲᠠᠶᠠᠭᠳᠠᠬᠤ︾ ᠶᠢ ᠪᠡᠶᠡᠯᠡᠭᠦᠯᠵᠦ ᠳᠡᠶᠢᠯᠭᠦ ᠡᠰᠡᠬᠦ ᠶᠢᠨ ᠦᠷ᠎ᠡ ᠳ᠋ᠦᠩ ᠨᠢ ᠴᠤ ᠲᠤᠶᠢᠯ ᠤᠨ ᠠᠳᠠᠯᠢ ᠪᠤᠰᠤ ᠪᠠᠶᠢᠳᠠᠭ᠂ | ᠬᠥᠭᠵᠢᠯᠲᠡ ᠶᠢ ᠲᠥᠯᠥᠪᠵᠢᠭᠦᠯᠦᠨ ᠠᠬᠢᠭᠤᠯᠬᠤ ᠳᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠲᠠᠢ | ᠪᠠᠷᠢᠮᠵᠢᠶᠠᠯᠠᠬᠤ ᠡᠰᠡᠬᠦ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠡᠰᠡᠬᠦ ᠶᠢᠨ | ᠦᠷ᠎ᠡ ᠳ᠋ᠦᠩ ᠨᠢ ᠴᠦ ᠶᠠᠷᠢᠶᠠᠨ ᠦᠭᠡᠢ ᠠᠳᠠᠯᠢ ᠪᠤᠰᠤ ᠪᠠᠶᠢᠳᠠᠭ᠃ ᠥᠩᠭᠡᠷᠡᠭᠰᠡᠨ ᠳᠤ ᠨᠢᠭᠡ ᠵᠦᠢᠯ ᠤᠨ ᠬᠢᠨᠠᠨ | ᠵᠥᠪᠰᠢᠶᠡᠷᠡᠯ ᠢ ᠭᠦᠢᠴᠡᠳᠬᠡᠬᠦ ᠳᠤ ᠨᠢᠭᠡ ᠨᠢᠭᠡ ᠰᠠᠯᠠᠭ᠎ᠠ ᠮᠥᠴᠢᠷ ᠢᠶᠠᠷ ᠭᠦᠶᠦᠵᠦ ᠤᠳᠠᠭᠠᠨ ᠡᠳᠦᠷ ᠦᠷᠭᠦᠯᠵᠢᠯᠡᠵᠤ | ᠰᠠᠶ᠋ᠢ ᠪᠡᠶᠡᠯᠡᠭᠦᠯᠵᠦ ᠳᠡᠶᠢᠯᠳᠡᠭ᠂ ᠤᠳᠤ ᠬᠢᠨᠠᠨ ᠵᠥᠪᠰᠢᠶᠡᠷᠡᠬᠦ ᠶᠢ ᠤᠯᠠᠨ ᠰᠠᠯᠠᠭ᠎ᠠ ᠮᠥᠴᠢᠷ ︽ᠵᠡᠷᠭᠡ ᠳᠤᠨᠢ︾ | ᠭᠦᠢᠴᠡᠳᠬᠡᠬᠦ ᠶᠢ ᠪᠡᠶᠡᠯᠡᠭᠦᠯᠵᠦ ᠴᠠᠭ ᠬᠤᠭᠤᠴᠠᠭ᠎ᠠ ᠶᠢ ᠶᠡᠭᠡ ᠪᠠᠷ ᠪᠣᠭᠤᠨᠢᠰᠬᠠᠵᠤ᠂ ᠵᠠᠷᠢᠮ ᠶᠠᠪᠤᠳᠠᠯ ᠢ ᠨᠢ ᠨᠢᠭᠡ | ᠬᠤᠶᠠᠷᠬᠠᠨ ᠡᠳᠦᠷ ᠴᠢᠨᠠᠭᠰᠢᠯᠠᠪᠠᠯ ᠨᠢᠭᠡ ᠯᠡ ᠤᠳᠠᠭ᠎ᠠ ᠳᠤ ᠪᠡᠶᠡᠯᠡᠭᠦᠯᠵᠦ ᠳᠡᠶᠢᠯᠭᠦ ᠪᠣᠯᠵᠠᠢ᠃ ᠥᠩᠭᠡᠷᠡᠭᠰᠡᠨ ᠳᠤ | ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠳᠤ ︽ᠤᠯᠠᠨ ᠲᠦᠮᠡᠨ ᠨᠡᠬᠡᠵᠦ ᠪᠠᠶᠢᠭᠠᠳ | ᠰᠢᠢᠳᠪᠦᠷᠢᠯᠡᠭᠦᠯᠵᠦ ᠪᠠᠶᠢᠭᠰᠠᠨ︾ ᠮᠥᠷᠲᠡᠭᠡᠨ ᠵᠠᠷᠢᠮ ᠦᠶ᠎ᠡ ᠳᠤ ᠤᠯᠠᠨ ᠲᠦᠮᠡᠨ ᠬᠠᠨᠤᠮᠵᠢ ᠦᠭᠡᠢ ᠪᠠᠶᠢᠳᠠᠯ | ᠭᠠᠷᠳᠠᠭ᠂ ᠤᠳᠤ ᠵᠠᠬᠢᠳᠠᠯ ᠰᠤᠷᠪᠤᠯᠵᠢᠯᠠᠯ ᠤᠨ ᠬᠡᠷᠡᠭ ᠢ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠵᠦ | ︽ᠤᠯᠠᠨ ᠲᠦᠮᠡᠨ ᠢ ᠬᠠᠪᠰᠤᠷᠤᠨ ᠰᠤᠷᠪᠤᠯᠵᠢᠯᠠᠯ ᠬᠢᠬᠦ︾ ᠪᠣᠯᠵᠤ᠂ ᠤᠯᠠᠨ ᠲᠦᠮᠡᠨ ᠤᠴᠢᠷ ᠶᠠᠪᠤᠳᠠᠯ ᠳᠤ ᠰᠠᠨᠠᠭ᠎ᠠ | ᠠᠮᠤᠷ ᠪᠣᠯᠤᠭᠰᠠᠨ ᠮᠥᠷᠲᠡᠭᠡᠨ ᠰᠡᠳᠬᠢᠯ ᠬᠠᠨᠤᠮᠵᠢᠲᠠᠢ ᠪᠣᠯᠵᠠᠢ᠃ | | | ᠪᠣᠳᠠᠲᠠᠢ ᠪᠠᠶᠢᠪᠠᠯ ᠭᠦᠨᠵᠡᠭᠡᠶᠢᠷᠡᠵᠦ ᠴᠢᠳᠠᠨ᠎ᠠ᠂ ᠭᠦᠨᠵᠡᠭᠡᠶᠢᠷᠡᠪᠡᠯ ᠰᠠᠶ᠋ᠢ ᠦᠨᠳᠦᠰᠦ ᠶᠢ ᠠᠳᠬᠤᠵᠤ | ᠴᠢᠳᠠᠨ᠎ᠠ᠃ ᠬᠥᠭᠵᠢᠯᠲᠡ ᠶᠢᠨ ᠳᠤᠮᠳᠠᠬᠢ ᠮᠠᠰᠢ ᠤᠯᠠᠨ ᠬᠠᠷᠰᠢ ᠰᠠᠭᠠᠳ ᠲᠦᠭᠵᠢᠷᠡᠯ ᠴᠡᠭ ᠨᠢ ᠢᠮᠠᠭᠲᠠ ᠵᠢᠵᠢᠭ | ᠶᠠᠪᠤᠳᠠᠯ᠂ ᠪᠣᠳᠠᠲᠠᠢ ᠶᠠᠪᠤᠳᠠᠯ ᠳᠡᠭᠡᠷ᠎ᠡ ᠪᠠᠶᠢᠵᠤ᠂ ᠬᠠᠷᠰᠢ ᠰᠠᠭᠠᠳ ᠲᠦᠭᠵᠢᠷᠡᠯ ᠴᠡᠭ ᠤᠨ ᠠᠰᠠᠭᠤᠳᠠᠯ ᠢ | ᠰᠢᠢᠳᠪᠦᠷᠢᠯᠡᠪᠡᠯ ᠠᠵᠢᠯ ᠳᠠᠷᠤᠢ ᠠᠶᠠᠨᠳᠠᠭᠠᠨ ᠶᠠᠪᠤᠭᠳᠠᠴᠢᠬᠠᠬᠤ ᠶᠤᠮ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ | ᠳᠠᠷᠤᠢ ᠥᠭᠡᠷᠡᠴᠢᠯᠡᠯᠲᠡ ᠮᠥᠨ᠂ ᠪᠣᠳᠠᠲᠠᠢ ᠠᠰᠠᠭᠤᠳᠠᠯ ᠠᠴᠠ ᠡᠬᠢᠯᠡᠨ ᠵᠠᠯᠠᠷᠠᠭᠤᠯᠵᠤ᠂ ︽ᠪᠢᠴᠢᠯ ᠥᠭᠡᠷᠡᠴᠢᠯᠡᠯᠲᠡ︾ | ᠶᠢ ᠢᠯᠡᠭᠦᠬᠡᠨ ᠬᠢᠵᠦ᠂ ᠵᠢᠵᠢᠭ ᠰᠠᠵᠢᠭ ᠵᠦᠢᠯ ᠠᠴᠠ ᠭᠠᠷᠳᠠᠵᠤ ︽ᠤᠳᠠᠭᠠᠨ ᠪᠦᠳᠦᠭᠦᠯᠢᠭ ᠬᠡᠶᠢᠰᠪᠦᠷᠢ︾ | ᠰᠤᠷᠲᠠᠯ ᠢ ᠵᠠᠯᠠᠷᠠᠭᠤᠯᠤᠨ ᠵᠠᠰᠠᠵᠤ᠂ ᠬᠡᠪᠰᠢᠮᠡᠯ ᠬᠠᠭᠤᠴᠢᠨ ᠦᠵᠡᠯ ᠰᠠᠨᠠᠭ᠎ᠠ ᠶᠢ ᠬᠤᠪᠢᠷᠠᠭᠤᠯᠵᠤ᠂ ᠲᠦᠪᠡᠭ | ᠪᠤᠳᠤᠯᠢᠶᠠᠨᠲᠠᠢ ᠶᠠᠪᠤᠴᠠ ᠶᠢ ᠰᠢᠯᠢᠳᠡᠭᠵᠢᠭᠦᠯᠦᠨ᠂ ᠤᠯᠠᠨ ᠲᠦᠮᠡᠨ ᠳᠤ ᠦᠢᠯᠡᠴᠢᠯᠡᠬᠦ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠡᠯᠡᠰᠦ ᠶᠢ ᠬᠤᠷᠠᠭᠤᠯᠤᠨ ᠰᠤᠪᠤᠷᠭ᠎ᠠ ᠪᠤᠯᠭᠠᠵᠤ᠂ ᠥᠭᠡᠳᠡᠰᠦ ᠶᠢ ᠵᠦᠢᠵᠦ ᠥᠮᠥᠳᠦ ᠪᠣᠯᠭᠠᠨ᠂ | ᠲᠣᠭᠠᠨ ᠤ ᠬᠤᠪᠢᠷᠠᠯᠲᠠ ᠶᠢ ᠠᠭᠠᠵᠢᠮ ᠢᠶᠠᠷ ᠴᠢᠨᠠᠷ ᠤᠨ ᠬᠤᠪᠢᠷᠠᠯᠲᠠ ᠪᠤᠯᠭᠠᠬᠤ ᠬᠡᠷᠡᠭᠲᠡᠢ᠃ | | | ᠡᠳᠦᠷ ᠪᠦᠷᠢ ᠠᠶᠠᠯᠠᠪᠠᠰᠤ᠂ ᠮᠢᠩᠭᠠᠨ ᠭᠠᠵᠠᠷ ᠢ ᠬᠤᠯᠡ ᠬᠡᠮᠡᠨ ᠴᠥᠬᠦᠬᠦ ᠦᠭᠡᠢ; ᠦᠷᠭᠦᠯᠵᠢ ᠪᠠᠷᠢᠮᠲᠠᠯᠠᠨ | ᠬᠢᠪᠡᠰᠦ᠂ ᠲᠦᠮᠡᠨ ᠶᠠᠪᠤᠳᠠᠯ ᠢ ᠬᠦᠴᠢᠷ ᠬᠡᠮᠡᠨ ᠠᠶᠤᠬᠤ ᠦᠭᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ︽ᠲᠦᠮᠡᠨ ᠳᠠᠪᠬᠤᠷᠯᠢᠭ ᠠᠰᠠᠷ︾ ᠢ ᠪᠠᠶᠢᠭᠤᠯᠬᠤ ᠳᠤ ︽ᠲᠦᠪᠰᠢᠨ ᠭᠠᠵᠠᠷ︾ ᠠᠴᠠ ᠡᠬᠢᠯᠡᠨ᠎ᠡ᠂ | ᠪᠢᠳᠠ ᠥᠴᠥᠬᠡᠨ ᠢᠯᠠᠯᠲᠠ ᠶᠢ ᠲᠠᠰᠤᠷᠠᠯᠲᠠ ᠦᠭᠡᠢ ᠬᠤᠷᠠᠮᠳᠤᠭᠤᠯᠵᠤ ᠶᠡᠭᠡ ᠢᠯᠠᠯᠲᠠ ᠳᠤ ᠬᠦᠷᠬᠦ ᠪᠣᠯᠣᠨ᠎ᠠ᠃ |