ᠮᠠᠨ ᠤ ᠣᠷᠣᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 1.1 ᠳ᠋ᠦᠩᠰᠢᠭᠤᠷ ᠺᠢᠯᠣᠸᠠᠲ ᠢ ᠠᠩᠬ᠎ᠠ ᠳᠠᠪᠠᠭᠰᠠᠨ ᠮᠤᠵᠢ ᠣᠷᠣᠨ ᠪᠣᠯᠪᠠ
ᠨᠡᠶᠢᠲᠡᠯᠡᠭᠰᠡᠨ ᠴᠠᠭ᠄
2024/11/6
     10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 1.1 ᠳ᠋ᠦᠩᠰᠢᠭᠤᠷ ᠺᠢᠯᠣᠸᠠᠲ ᠢ ᠳᠠᠪᠠᠵᠤ᠂ ᠪᠥᠬᠦ ᠣᠷᠣᠨ ᠤ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ 47% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 9 ᠵᠠᠭᠤᠨ ᠤ ᠴᠡᠭ ᠢᠶᠠᠷ ᠳᠡᠭᠡᠭᠰᠢᠯᠡᠵᠦ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠦᠷᠭᠦᠯᠵᠢᠯᠡᠨ ᠪᠥᠬᠦ ᠤᠯᠤᠰ ᠲᠤ ᠲᠡᠷᠢᠭᠦᠯᠡᠪᠡ᠃ ᠵᠢᠯ ᠤᠨ ᠡᠴᠦᠰ ᠪᠣᠯᠬᠤ ᠳᠤ᠂ ᠪᠥᠬᠦ ᠣᠷᠣᠨ ᠳᠤ ᠪᠠᠰᠠ 2500 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠴᠠᠬᠢᠯᠭᠠᠨ ᠬᠦᠴᠦᠨ ᠤ ᠲᠣᠣᠷ ᠲᠤ ᠨᠡᠶᠢᠯᠡᠭᠦᠯᠵᠦ᠂ ᠪᠥᠬᠦ ᠵᠢᠯ ᠳᠤ ᠴᠠᠬᠢᠯᠭᠠᠨ ᠬᠦᠴᠦᠨ ᠤ ᠲᠣᠣᠷ ᠲᠤ ᠨᠡᠶᠢᠯᠡᠭᠦᠯᠬᠦ ᠮᠠᠰᠢᠨ ᠴᠣᠭᠴᠠᠯᠠᠪᠤᠷᠢ ᠶᠢᠨ ᠬᠡᠪᠴᠢᠶ᠎ᠡ 4000 ᠲᠦᠮᠡᠨ ᠺᠢᠯᠣᠸᠠᠲ ᠢ ᠳᠠᠪᠠᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤ ᠬᠠᠷᠠᠯᠲᠠ ᠶᠢ ᠨᠢᠭᠡ ᠵᠢᠯ ᠤᠷᠢᠳᠴᠢᠯᠠᠨ ᠪᠡᠶᠡᠯᠡᠭᠦᠯᠬᠦ ᠪᠠᠷ ᠵᠢᠱᠢᠵᠦ ᠪᠤᠢ᠃ ︵ᠡᠨᠧᠷᠭᠢ ᠶᠢᠨ ᠲᠣᠪᠴᠢᠶ᠎ᠠ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号