ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠶᠢᠬᠠᠨ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠲᠥᠷᠥᠯ ᠵᠦᠢᠯ ᠤᠨ  ᠪᠡᠯᠴᠢᠭᠡᠷᠯᠡᠭᠦᠯᠬᠦ ᠶᠢ ᠴᠠᠭᠠᠵᠠᠯᠠᠵᠦ ᠪᠡᠯᠴᠢᠭᠡᠷ ᠢ ᠰᠡᠷᠭᠦᠭᠡᠬᠦ ᠣᠷᠣᠨ ᠪᠦᠰᠡ ᠶᠢ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2024/11/6
ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠳᠤ᠄            ᠰᠠᠶᠢᠬᠠᠨ ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠵᠦ ᠠᠵᠢᠯ ᠢ ᠪᠦᠲᠦᠮᠵᠢᠲᠡᠶ ᠬᠡᠷᠡᠭᠵᠢᠭᠦᠯᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠦᠨᠡᠨᠬᠦ ᠬᠠᠮᠠᠭᠠᠯᠠᠨ᠂ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠨ᠂ ᠠᠮᠢ ᠠᠬᠤᠢ᠂ ᠠᠵᠤ ᠠᠬᠤᠢ ᠪᠠ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠶᠢᠨ ᠲᠤᠰᠠᠳᠠ᠂ ᠮᠠᠨ ᠤ ᠲᠣᠭᠤᠷᠢᠭ ᠤᠯᠤᠰ ᠤᠨ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠲᠦᠯᠬᠢᠨ ᠠᠬᠢᠭᠤᠯᠬᠤ ᠠᠵᠠ ᠲᠣᠬᠢᠶᠠᠯ ᠢ ᠠᠮᠵᠢᠨ᠂ ᠬᠠᠤᠯᠢ ᠶᠣᠰᠣᠭᠠᠷ ᠬᠠᠮᠠᠭᠠᠯᠠᠬᠤ ᠪᠠ ᠥᠨᠢᠳᠡ ᠦᠷᠭᠦᠯᠵᠢᠯᠡᠨ ᠠᠰᠢᠭᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠶ ᠰᠢᠭᠤᠢ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠪᠡ᠃ ᠡᠳᠦᠭᠡ ᠪᠣᠳᠠᠲᠠᠢ ᠰᠢᠨ᠎ᠡ ᠪᠠᠷ ᠨᠡᠮᠡᠭᠳᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠣᠷᠣᠨ ᠪᠦᠰᠡ ᠨᠢ ᠳᠣᠣᠷᠠᠬᠢ ᠮᠡᠲᠦ ᠵᠠᠷᠯᠠᠶ᠎ᠠ᠄ᠨᠢᠭᠡ᠂ ᠬᠡᠷᠡᠭᠵᠢᠭᠦᠯᠬᠦ ᠬᠡᠪᠴᠢᠶ᠎ᠡ              ᠪᠥᠬᠦ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠣᠷᠣᠨ ᠢ ᠬᠤᠪᠢᠶᠠᠷᠢᠯᠠᠨ ᠲᠣᠭᠲᠠᠭᠠᠬᠤ ᠰᠠᠨᠠᠯ ᠢ ᠦᠨᠳᠦᠰᠦᠯᠡᠨ᠂ ᠣᠲᠣ ᠮᠠᠨ ᠤ ᠲᠣᠭᠤᠷᠢᠭ ᠤᠨ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ 25208 ᠮᠦ ︵ᠮᠠᠭᠤᠳᠠᠭᠰᠠᠨ ᠣᠶ ᠶᠢ ᠵᠠᠰᠠᠨ ᠰᠡᠷᠭᠦᠭᠡᠬᠦ 11700 ᠮᠦ᠂ ᠠᠷᠠᠴᠢᠯᠠᠨ ᠪᠣᠶᠢᠵᠢᠭᠤᠯᠬᠤ ᠰᠢᠨ᠎ᠡ ᠪᠠᠷ 13508 ᠮᠦ︶ ᠶᠢᠨ ᠲᠥᠷᠥᠯ ᠵᠦᠢᠯ ᠢ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠶᠢ ᠬᠠᠮᠢᠶᠠᠷᠤᠨ ᠡᠵᠡᠮᠳᠡᠬᠦ ᠣᠷᠣᠨ ᠪᠦᠰᠡ ᠳᠤ ᠣᠷᠣᠭᠤᠯᠵᠤ᠂ ᠢᠦᠢ ᠯᠢᠨ ᠪᠠᠯᠭᠠᠰᠤ ᠨᠢ ᠾᠧᠨᠠᠨ ᠲᠣᠰᠬᠤᠨ᠂ ᠱᠢ ᠮᠧᠨ ᠭᠧᠦ ᠲᠣᠰᠬᠤᠨ᠂ ᠬᠤᠩ ᠵᠢᠢ ᠲᠣᠰᠬᠤᠨ᠂ ᠱᠢ ᠷᠧᠨ ᠸᠠᠨ ᠲᠣᠰᠬᠤᠨ ᠳᠤ ᠬᠤᠯᠪᠣᠭᠳᠠᠨ᠎ᠠ︔ ᠬᠤᠸᠠᠩ ᠾᠧ ᠱᠣᠤ ᠪᠠᠯᠭᠠᠰᠤ ᠵᠢᠢ ᠰᠢᠶᠠᠨ ᠲᠣᠰᠬᠤᠨ᠂ ᠲᠢᠶᠠᠨ ᠮᠢ ᠯᠢᠶᠠᠩ ᠲᠣᠰᠬᠤᠨ᠂ ᠵᠡᠭᠦᠨ ᠲᠠᠲ᠋ᠠᠷ ᠲᠣᠰᠬᠤᠨ᠂ ᠭᠧ ᠴᠢᠯᠠᠭᠤ ᠲᠣᠰᠬᠤᠨ᠂ ᠳ᠋ᠦᠩ ᠬᠤᠸᠠᠩ ᠾᠧ ᠱᠣᠤ ᠲᠣᠰᠬᠤᠨ ᠳᠤ ᠬᠤᠯᠪᠣᠭᠳᠠᠨ᠎ᠠ᠃ᠬᠤᠶᠠᠷ᠂ ᠬᠠᠮᠢᠶ᠎ᠠ ᠪᠦᠬᠦᠢ ᠱᠠᠭᠠᠷᠳᠠᠯᠭ᠎ᠠ        ︵ᠨᠢᠭᠡ︶ᠡᠯ᠎ᠡ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠪᠣᠯ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠠᠵᠢᠯ ᠤᠨ ᠭᠤᠣᠯ ᠴᠣᠭᠴᠠ᠂ ᠨᠠᠮ ᠵᠠᠰᠠᠭ ᠤᠨ ᠭᠤᠣᠯ ᠤᠳᠤᠷᠢᠳᠤᠯᠭ᠎ᠠ ᠪᠣᠯ ᠨᠢᠭᠡᠳᠦᠭᠡᠷ ᠬᠠᠷᠢᠭᠤᠴᠠᠯᠭᠠᠲᠠᠨ ᠮᠥᠨ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠭᠤᠣᠯ ᠬᠠᠷᠢᠭᠤᠴᠠᠯᠭᠠᠲᠠᠨ ᠪᠣᠯᠭᠠᠵᠤ᠂ ᠬᠠᠷᠢᠶ᠎ᠠ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠲᠣᠰᠬᠤᠨ ᠳᠤᠭᠤᠶᠢᠯᠠᠩ ᠳᠤ ᠬᠤᠪᠢᠶᠠᠷᠢᠯᠠᠨ ᠨᠠᠶᠢᠳᠠᠪᠤᠷᠢᠵᠢᠭᠤᠯᠵᠤ᠂ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ ᠬᠡᠷᠡᠭᠵᠢᠭᠦᠯᠬᠦ ᠬᠡᠷᠡᠭᠲᠡᠢ᠃        ︵ᠬᠤᠶᠠᠷ︶ᠲᠣᠭᠤᠷᠢᠭ ᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠢᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠲᠤᠷᠠᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠠᠷᠠᠯᠲᠠ ᠪᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠵᠤ᠂ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃          ︵ᠭᠤᠷᠪᠠ︶ᠲᠣᠰ ᠵᠠᠷᠯᠠᠯ ᠢ ᠵᠥᠷᠢᠴᠡᠨ ᠰᠢᠨ᠎ᠡ ᠪᠠᠷ ᠨᠡᠮᠡᠭᠳᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠮᠠᠯ ᠵᠢᠭᠦᠷᠲᠡᠨ ᠢ ᠠᠷᠠᠴᠢᠯᠠᠨ ᠲᠡᠵᠢᠭᠡᠵᠦ᠂ ᠣᠶ ᠮᠣᠳᠣ᠂ ᠡᠪᠡᠰᠦᠲᠦ ᠭᠠᠵᠠᠷ ᠢ ᠡᠪᠳᠡᠨ ᠰᠦᠢᠳᠬᠡᠭᠰᠡᠨ ᠬᠤᠪᠢ ᠬᠥᠮᠥᠨ ᠪᠤᠶᠤ ᠬᠠᠮᠲᠤ ᠨᠡᠶᠢᠲᠡ ᠶᠢ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠬᠡᠨ᠎ᠡ᠃        ︵ᠳᠥᠷᠪᠡ︶ᠢᠯᠡᠴᠢᠯᠡᠨ ᠮᠡᠳᠡᠭᠦᠯᠬᠦ ᠤᠲᠠᠰᠤ ᠭᠠᠷᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠨ᠎ᠠ᠃ᠢᠯᠡᠴᠢᠯᠡᠨ ᠮᠡᠳᠡᠭᠦᠯᠬᠦ ᠤᠲᠠᠰᠤ᠄          ᠢᠦᠢ ᠯᠢᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ    0471-5194628          ᠬᠤᠸᠠᠩ ᠾᠧ ᠱᠣᠣ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ    0471-5302475            ᠶᠢᠨ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ      0471-3467938            ᠪᠠᠶᠠᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ      0471-4190062            ᠵᠤᠤ ᠤᠳᠠ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ      0471-4630905            ᠴᠡᠯᠡᠭᠡᠷ ᠲᠠᠯ᠎ᠠ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ       0471-3966857            ᠡᠭᠦᠨ ᠤ ᠲᠤᠯᠠ ᠣᠨᠴᠠᠭᠠᠶᠢᠯᠠᠨ ᠵᠠᠷᠯᠠᠪᠠ            ᠳᠠᠭᠠᠯᠳᠤᠭᠤᠯᠤᠯ᠄ ᠰᠠᠶᠢᠬᠠᠨ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠦᠰᠡ ᠶᠢᠨ ᠪᠠᠶᠢᠷᠢᠯᠠᠭᠤᠯᠤᠯᠲᠠ ᠶᠢᠨ ᠵᠢᠷᠤᠭ                                                     ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                               2024 ᠣᠨ ᠤ 10 ᠰᠠᠷ᠎ᠠ ᠶᠢᠨ 16 ᠤ ᠡᠳᠦᠷᠳᠠᠭᠠᠯᠳᠤᠭᠤᠯᠤᠯ᠄          2006501575.jpghttps://www.saihan.gov.cn/zwgk_new/zfxxgknew/fdzdgknr/zfwjnew/202411/t20241105_1805769.html            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号