ᠰᠢ ᠶᠢᠨ ᠫᠢᠩ ᠭᠠᠨᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠮᠠᠬᠠᠮᠠ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/12/13
      ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 11 ᠤ ᠴᠠᠭᠢᠯᠭᠠᠨ ᠮᠡᠳᠡᠭᠡ   12 ᠰᠠᠷ᠎ᠠ ᠶᠢᠨ 11 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠤᠬᠠᠨ · ᠳ᠋ᠧᠯᠠᠮᠠᠨᠢ · ᠮᠠᠬᠠᠮᠠ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠭᠠᠨᠠ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃          ᠰᠢ ᠶᠢᠨ ᠫᠢᠩ᠂ ᠭᠠᠨᠠ ᠪᠣᠯ ᠰᠠᠬᠠᠷᠠ ᠠᠴᠠ ᠡᠮᠦᠨᠡᠰᠢᠬᠢ ᠠᠹᠷᠢᠺᠠ ᠲᠢᠪ ᠤᠨ ᠬᠠᠮᠤᠭ ᠤᠨ ᠡᠷᠲᠡ ᠳᠤᠮᠳᠠᠳᠤ ᠤᠯᠤᠰ ᠲᠠᠢ ᠬᠠᠷᠢᠯᠴᠠᠭ᠎ᠠ ᠪᠠᠶᠢᠭᠤᠯᠤᠭᠰᠠᠨ ᠤᠯᠤᠰ ᠤᠨ ᠨᠢᠭᠡ ᠪᠣᠯᠣᠨ᠎ᠠ᠂ ᠪᠠᠰᠠ ᠴᠤ ᠳᠤᠮᠳᠠᠳᠤ ᠤᠯᠤᠰ ᠤᠨ ᠠᠹᠷᠢᠺᠠ ᠲᠢᠪ ᠲᠠᠬᠢ ᠴᠢᠬᠤᠯᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠣᠨ᠎ᠠ᠂ ᠳᠤᠮᠳᠠᠳᠤ ᠭᠠᠨᠠ ᠶᠢᠨ ᠨᠥᠬᠦᠷᠯᠡᠯ ᠥᠨᠢ ᠤᠳᠠᠭᠠᠨ ᠤᠯᠠᠮᠵᠢᠯᠠᠯ ᠲᠠᠢ᠂ ᠶᠠᠪᠤᠬᠤ ᠲᠤᠳᠤᠮ ᠪᠠᠬᠢᠵᠢᠵᠦ ᠪᠠᠶᠢᠨ᠎ᠠ᠃ ᠣᠶᠢᠷ᠎ᠠ ᠶᠢᠨ ᠵᠢᠯ ᠠᠴᠠ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠃ ᠪᠢ ᠳᠤᠮᠳᠠᠳᠤ ᠭᠠᠨᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠮᠠᠬᠠᠮᠠ ᠲᠠᠢ ᠬᠠᠮᠲᠤ ᠪᠠᠷ ᠴᠢᠷᠮᠠᠶᠢᠵᠤ᠂ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠳᠤᠮᠳᠠᠳᠤ ᠭᠠᠨᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号