ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/12/16
      ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ  ᠢᠶᠠᠷ᠂ ᠨᠠᠮᠤᠷ ᠡᠪᠦᠯ ᠤᠨ ᠤᠯᠠᠷᠢᠯ ᠤᠨ ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠵᠠᠯᠭᠠᠭ᠎ᠠ ᠪᠠᠷ ᠮᠠᠨ ᠤ ᠣᠷᠣᠨ ᠳᠤ ᠨᠡᠭᠦᠳᠡᠯᠯᠡᠬᠦ ᠶᠢ ᠳᠠᠭᠠᠯᠳᠤᠨ᠂ ᠪᠦᠭᠦ ᠣᠷᠣᠨ ᠤ ᠡᠯ᠎ᠡ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ 3 ᠵᠦᠢᠯ ᠤᠨ ᠠᠷᠭ᠎ᠠ ᠬᠡᠮᠵᠢᠶ᠎ᠡ ᠠᠪᠴᠤ ᠡᠲᠡᠭᠡᠷ ᠬᠤᠯᠠ ᠠᠴᠠ ᠢᠷᠡᠭᠰᠡᠨ︽ᠨᠠᠶᠢᠵᠠ︾ ᠪᠠᠨ ᠬᠠᠮᠠᠭᠠᠯᠠᠵᠤ ᠪᠠᠶᠢᠨ᠎ᠠ᠃      ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠡᠯ᠎ᠡ ᠭᠠᠵᠠᠷ ᠤᠨ ᠣᠶ ᠰᠢᠭᠤᠢ ᠬᠠᠮᠠᠭᠠᠯᠠᠭᠴᠢ᠂ ᠪᠡᠯᠴᠢᠭᠡᠷ ᠬᠠᠮᠢᠶᠠᠷᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠬᠤ᠂ ᠬᠢᠵᠢᠭ ᠤᠨ ᠢᠷᠡᠯᠲᠡ ᠬᠢᠵᠢᠭ ᠡᠪᠡᠳᠴᠢᠨ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠵᠢᠴᠢ ᠠᠪᠤᠷᠠᠨ ᠲᠤᠰᠠᠯᠠᠬᠤ ᠵᠡᠷᠭᠡ ᠠᠵᠢᠯ ᠢ ᠰᠢᠰᠲ᠋ᠧᠮ ᠲᠠᠢ ᠥᠷᠨᠢᠭᠦᠯᠵᠦ᠂ ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠤ ᠠᠮᠤᠷ ᠲᠦᠪᠰᠢᠨ ᠢᠶᠠᠷ ᠨᠡᠭᠦᠳᠡᠯᠯᠡᠬᠦ ᠶᠢ ᠪᠠᠲᠤᠯᠠᠵᠤ ᠪᠤᠢ︔ ᠬᠢᠨᠠᠨ ᠬᠡᠮᠵᠢᠵᠦ ᠪᠠᠶᠢᠴᠠᠭᠠᠬᠤ ᠠᠵᠢᠯ ᠥᠷᠨᠢᠭᠦᠯᠵᠦ᠂ 10 ᠰᠠᠷ᠎ᠠ ᠳᠤ ᠪᠦᠭᠦ ᠣᠷᠣᠨ ᠤ 2024 ᠣᠨ ᠤ ᠨᠠᠮᠤᠷ ᠤᠨ ᠤᠯᠠᠷᠢᠯ ᠤᠨ ᠤᠰᠤᠨ ᠤ ᠰᠢᠪᠠᠭᠤ ᠶᠢ ᠵᠡᠷᠭᠡ ᠪᠠᠷ ᠪᠠᠶᠢᠴᠠᠭᠠᠬᠤ ᠠᠵᠢᠯ ᠢ ᠥᠷᠨᠢᠭᠦᠯᠦᠭᠰᠡᠨ ᠤ ᠳᠠᠷᠠᠭ᠎ᠠ᠂ 2025 ᠣᠨ ᠤ 1 ᠰᠠᠷ᠎ᠠ ᠶᠢᠨ 5 ᠠᠴᠠ 15 ᠤ ᠡᠳᠦᠷ ᠪᠤᠯᠲᠠᠯ᠎ᠠ 2025 ᠣᠨ ᠤ ᠡᠪᠦᠯ ᠤᠨ ᠤᠯᠠᠷᠢᠯ ᠤᠨ ᠤᠰᠤᠨ ᠤ ᠰᠢᠪᠠᠭᠤ ᠶᠢ ᠵᠡᠷᠭᠡ ᠪᠠᠷ ᠪᠠᠶᠢᠴᠠᠭᠠᠬᠤ ᠠᠵᠢᠯ ᠢ ᠥᠷᠨᠢᠭᠦᠯᠬᠦ ᠪᠠᠷ ᠪᠠᠶᠢᠵᠤ᠂ ᠡᠯ᠎ᠡ ᠭᠠᠵᠠᠷ ᠤᠨ ᠤᠰᠤᠨ ᠤ ᠰᠢᠪᠠᠭᠤ ᠶᠢᠨ ᠲᠠᠷᠬᠠᠯᠲᠠ ᠶᠢᠨ ᠣᠳᠣᠬᠢ ᠪᠠᠶᠢᠳᠠᠯ᠂ ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ ᠵᠡᠷᠭᠡ ᠳᠤ ᠪᠠᠶᠢᠴᠠᠭᠠᠯᠲᠠ ᠬᠢᠬᠦ ᠪᠠᠷ ᠪᠤᠶ︔ᠬᠠᠤᠯᠢ ᠪᠤᠰᠤ ᠠᠷᠠᠯᠵᠢᠶ᠎ᠠ ᠳᠤ ᠴᠣᠬᠢᠯᠲᠠ ᠥᠭᠴᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ 9 ᠰᠠᠯᠠᠭ᠎ᠠ ᠮᠥᠴᠢᠷ ᠲᠠᠢ ᠬᠠᠮᠲᠤᠷᠠᠨ ᠪᠦᠭᠦ ᠣᠷᠣᠨ ᠤ ᠬᠡᠪᠴᠢᠶᠡᠨ ᠳᠤ ᠰᠦᠯᠵᠢᠶ᠎ᠡ ᠪᠠᠷ ᠬᠡᠭᠡᠷ᠎ᠡ ᠶᠢᠨ ᠠᠮᠢᠲᠠᠨ ᠤᠷᠭᠤᠮᠠᠯ ᠵᠢᠴᠢ ᠲᠡᠭᠦᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠠᠷᠠᠯᠵᠢᠶᠠᠯᠠᠬᠤ ᠠᠵᠢᠯᠯᠠᠭ᠎ᠠ ᠳᠤ ᠲᠤᠰᠬᠠᠢ ᠴᠣᠬᠢᠯᠲᠠ ᠥᠭᠴᠦ ᠪᠤᠢ᠃       ᠢᠷᠡᠯᠲᠡ᠄ ᠲᠠᠯ᠎ᠠ ᠨᠤᠲᠤᠭ ᠤᠨ ᠡᠭᠦᠯᠡ ᠰᠢᠯᠵᠢᠶ᠎ᠡ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号