| | | | ᠤᠯᠠᠨ ᠤᠯᠤᠰ ᠤᠨ ᠦᠵᠦᠭᠦᠷᠯᠡᠬᠦ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ᠳᠤ ᠲᠡᠷᠢᠭᠦᠨ ᠤ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠨᠡᠶᠢᠲᠡᠯᠡᠬᠦ ᠪᠣᠯ ᠬᠤᠣᠰ ᠲᠡᠷᠢᠭᠦᠨ ᠤ ᠶᠡᠭᠡ | ᠰᠤᠷᠭᠠᠭᠤᠯᠢ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢᠨ ᠭᠤᠷᠪᠠᠨ ᠭᠤᠣᠯ ᠰᠢᠯᠭᠠᠨ ᠬᠢᠨᠠᠬᠤ ᠭᠦᠢᠴᠡᠳᠬᠡᠯ | ᠲᠤᠭ᠎ᠠ ᠶᠢᠨ ᠨᠢᠭᠡ ᠪᠣᠯᠣᠨ᠎ᠠ᠃ 2021 ᠣᠨ ᠳᠤ ᠠᠩᠬ᠎ᠠ ᠤᠳᠠᠭ᠎ᠠ ᠶᠡᠷᠦᠩᠬᠡᠶᠢᠯᠡᠭᠰᠡᠨ ᠴᠢᠨᠠᠷᠲᠠᠢ ᠣᠯᠠᠨ | ᠤᠯᠤᠰ ᠤᠨ ᠦᠵᠦᠭᠦᠷᠯᠡᠬᠦ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ PNAS ᠲᠤ ᠰᠢᠪᠲᠤᠯᠤᠯᠲᠠ | ᠭᠠᠷᠭᠠᠭᠰᠠᠨ ᠤ ᠳᠠᠷᠠᠭ᠎ᠠ᠂ ᠣᠶᠢᠷ᠎ᠠ ᠶᠢᠨ ᠭᠤᠷᠪᠠᠨ ᠵᠢᠯ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠨᠢᠭᠡᠳᠦᠭᠡᠷ | ᠨᠢᠭᠡᠴᠢ ᠶᠢᠨ ᠬᠤᠪᠢ ᠪᠠᠷ CNS ᠬᠤᠪᠢᠶᠠᠷᠢ ᠰᠡᠳᠬᠦᠯ᠂ PNAS ᠡᠨᠡ ᠬᠦ ᠳᠡᠯᠡᠬᠡᠢ ᠨᠡᠶᠢᠲᠡ ᠳᠤ ᠮᠡᠳᠡᠷᠡᠭᠳᠡᠭᠰᠡᠨ | ᠶᠡᠷᠦᠩᠬᠡᠶᠢᠯᠡᠭᠰᠡᠨ ᠴᠢᠨᠠᠷᠲᠠᠢ ᠦᠵᠦᠭᠦᠷᠯᠡᠬᠦ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ᠳᠤ ᠨᠡᠶᠢᠲᠡ 13 | ᠥᠭᠦᠯᠡᠯ ᠨᠡᠶᠢᠲᠡᠯᠡᠵᠦ᠂ ᠪᠥᠬᠦ ᠣᠷᠣᠨ ᠤ 76.47% ᠶᠢ ᠡᠵᠡᠯᠡᠪᠡ᠃ ᠪᠠᠶᠢᠭᠠᠯᠢ ᠶᠢᠨ ᠵᠢᠭᠠᠯᠲᠠ ᠲᠤᠭ᠎ᠠ ᠪᠠᠷ | ᠳᠤᠮᠳᠠᠳᠤ ᠤᠯᠤᠰ ᠤᠨ ᠶᠡᠭᠡ ᠰᠤᠷᠭᠠᠭᠤᠯᠢ ᠶᠢᠨ ᠨᠡᠷᠡᠰ ᠤᠨ ᠵᠢᠭᠰᠠᠭᠠᠯᠲᠠ ᠳᠤ᠂ ᠥᠪᠥᠷ ᠮᠣᠩᠭᠤᠯ ᠤᠨ ᠶᠡᠭᠡ | ᠰᠤᠷᠭᠠᠭᠤᠯᠢ 2023 ᠣᠨ ᠳᠤ 153 ᠳᠤ ᠵᠢᠭᠰᠠᠭᠠᠭᠳᠠᠵᠤ ᠪᠠᠶᠢᠭᠰᠠᠨ ᠠᠴᠠ ᠪᠠᠨ ᠳᠠᠪᠰᠢᠭᠠᠳ 2024 | ᠣᠨ ᠳᠤ 101 ᠳᠤ ᠣᠷᠣᠵᠤ᠂ ᠤᠷᠤᠭᠰᠢ 52 ᠣᠷᠣᠨ ᠳᠠᠪᠰᠢᠵᠠᠢ᠃ ︵ᠥᠪᠥᠷ ᠮᠣᠩᠭᠤᠯ ᠤᠨ ᠶᠡᠭᠡ ᠰᠤᠷᠭᠠᠭᠤᠯᠢ︶ | | | | |