︽ᠠᠷᠪᠠᠨ ᠨᠢᠭᠡᠳᠦᠭᠡᠷ ᠬᠤᠭᠤᠴᠠᠭᠠᠨ ᠤ ᠪᠦᠭᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ︾12 ᠰᠠᠷ᠎ᠠ ᠶᠢᠨ 21 ᠤ ᠡᠳᠦᠷ ᠬᠥᠯᠥᠨ ᠪᠤᠶᠢᠷ ᠲᠤ ᠡᠬᠢᠯᠡᠨ᠎ᠡ
ᠨᠡᠶᠢᠲᠡᠯᠡᠭᠰᠡᠨ ᠴᠠᠭ᠄
2024/12/18
      12 ᠰᠠᠷ᠎ᠠ ᠶᠢᠨ 14 ᠤ ᠡᠳᠦᠷ᠂ ᠠᠷᠪᠠᠨ ᠨᠢᠭᠡᠳᠦᠭᠡᠷ ᠬᠤᠭᠤᠴᠠᠭᠠᠨ ᠤ ᠪᠦᠭᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠭᠦᠭᠡᠬᠤᠲᠠ ᠳᠤ ᠶᠠᠪᠤᠭᠳᠠᠪᠠ᠃ ᠬᠤᠷᠠᠯ ᠠᠴᠠ ᠣᠶᠢᠯᠠᠭᠠᠭᠰᠠᠨ ᠢᠶᠠᠷ᠂ ︽ᠠᠷᠪᠠᠨ ᠨᠢᠭᠡᠳᠦᠭᠡᠷ ᠬᠤᠭᠤᠴᠠᠭᠠᠨ ᠤ ᠪᠦᠭᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ︾ 12 ᠰᠠᠷ᠎ᠠ ᠶᠢᠨ 21  ᠤ ᠡᠳᠦᠷ  ᠬᠥᠯᠥᠨ ᠪᠤᠶᠢᠷ ᠬᠤᠲᠠ ᠳᠠᠬᠢ ᠥᠪᠡᠷᠲᠡᠭᠡᠨ ᠵᠠᠰᠠᠬᠤ ᠣᠷᠣᠨ ᠤ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ ᠲᠥᠪ ᠲᠤ ᠡᠭᠢᠯᠡᠯᠲᠡ ᠶᠢᠨ ᠶᠣᠰᠣᠯᠠᠯ ᠶᠠᠪᠤᠭᠤᠯᠬᠤ ᠪᠣᠯᠣᠨ᠎ᠠ᠃      ᠲᠣᠰ ᠬᠤᠭᠤᠴᠠᠭᠠᠨ ᠤ ᠮᠥᠰᠥ ᠴᠠᠰᠤᠨ ᠤ ᠤᠯᠠᠷᠢᠯ ᠤᠨ ᠬᠤᠭᠤᠴᠠᠭᠠᠨ ᠳᠤ  ᠪᠦᠭᠦ ᠤᠯᠤᠰ ᠤᠨ ᠡᠯ᠎ᠡ ᠭᠠᠵᠠᠷ ᠤᠨ ᠬᠢᠨ ᠣᠯᠠᠨ ᠲᠦᠮᠡᠨᠴᠢ  ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠶᠢ ᠨᠡᠶᠢᠲᠡ 1853 ᠵᠦᠢᠯ ᠥᠷᠨᠢᠭᠦᠯᠬᠦ ᠪᠠᠷ ᠲᠥᠯᠥᠪᠯᠡᠵᠦ ᠪᠤᠶ᠃ ᠡᠭᠦᠨ ᠳᠤ ᠮᠥᠰᠥ ᠴᠠᠰᠤᠨ ᠤ ᠤᠷᠤᠯᠳᠤᠭᠠᠨ 820 ᠵᠦᠢᠯ᠂ ᠮᠥᠰᠥ ᠴᠠᠰᠤᠨ ᠤ ᠠᠵᠢᠯᠯᠠᠭ᠎ᠠ 655 ᠵᠦᠢᠯ᠂ ᠮᠥᠰᠥ ᠴᠠᠰᠤᠨ ᠤ ᠨᠠᠶᠢᠷ ᠵᠢᠴᠢ ᠪᠤᠰᠤᠳ ᠶᠡᠷᠦᠩᠬᠡᠶᠢᠯᠡᠭᠰᠡᠨ ᠴᠢᠨᠠᠷᠲᠠᠢ ᠠᠵᠢᠯᠯᠠᠭ᠎ᠠ  378 ᠵᠦᠢᠯ ᠪᠤᠶ᠃  ᠡᠯ᠎ᠡ ᠭᠠᠵᠠᠷ ᠤᠨ ᠬᠢᠨ ᠪᠠᠰᠠ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠠᠳ ᠤᠨ ᠵᠠᠩ ᠦᠶᠯᠡ ᠶᠢᠨ ᠤᠯᠠᠮᠵᠢᠯᠠᠯᠲᠤ ᠮᠥᠰᠥ ᠴᠠᠰᠤᠨ ᠤ ᠲᠥᠷᠥᠯ ᠵᠦᠢᠯ ᠢ ᠭᠦᠨᠵᠡᠭᠡᠢ ᠠᠭᠤᠳᠠᠯᠵᠤ᠂ ᠠᠷᠠᠳ ᠤᠨ ᠵᠠᠩ ᠦᠶᠯᠡ ᠶᠢᠨ ᠮᠥᠰᠥ ᠴᠠᠰᠤᠨ ᠤ  ᠵᠤᠭ᠎ᠠ ᠴᠡᠩᠭᠡᠯ ᠤᠨ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠭᠠᠵᠠᠷ ᠤᠨ ᠣᠨᠴᠠᠯᠢᠭ ᠢᠶᠠᠷ ᠪᠠᠶᠠᠯᠢᠭ ᠪᠥᠭᠡᠳ ᠣᠯᠠᠨ ᠲᠦᠮᠡᠨ ᠤ ᠣᠷᠤᠯᠴᠠᠬᠤ ᠳᠤ ᠲᠥᠭᠦᠮ ᠠᠷᠠᠳ ᠤᠨ ᠵᠠᠩ ᠦᠶᠯᠡ ᠶᠢᠨ ᠮᠥᠰᠥ ᠴᠠᠰᠤᠨ ᠤ ᠠᠵᠢᠯᠯᠠᠭ᠎ᠠ ᠶᠢᠨ ᠨᠠᠷᠠᠲᠤ ᠲᠦᠷᠦᠯ ᠲᠡᠮᠳᠡᠭ ᠢ ᠪᠦᠷᠢᠯᠳᠦᠭᠦᠯᠬᠦ ᠪᠣᠯᠣᠨ᠎ᠠ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ᠪᠠᠰᠠ ᠡᠯ᠎ᠡ ᠱᠠᠲᠤᠨ ᠤ ᠮᠥᠰᠥ ᠴᠠᠰᠤᠨ ᠤ ᠲᠥᠷᠥᠯ ᠵᠦᠢᠯ ᠤᠨ ᠲᠠᠮᠢᠷ ᠤᠨ ᠠᠩᠭᠢ ᠶᠢᠨ ᠲᠠᠯᠠᠪᠤᠷ ᠣᠷᠳᠣᠨ ᠤ ᠡᠬᠢ ᠪᠠᠶᠠᠯᠢᠭ᠂ ᠪᠣᠯᠪᠠᠰᠤᠷᠠᠯ ᠤᠨ ᠡᠬᠢ ᠪᠠᠶᠠᠯᠢᠭ ᠢ ᠵᠠᠯᠠᠭᠤᠴᠤᠳ ᠪᠠᠭᠠᠴᠤᠳ ᠲᠤ ᠡᠮᠬᠢ ᠵᠢᠷᠤᠮ ᠲᠠᠢ ᠪᠠᠷ ᠨᠡᠭᠡᠭᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠠᠬᠢᠭᠤᠯᠵᠤ᠂ ᠨᠡᠶᠢᠭᠡᠮ ᠤᠨ ᠮᠥᠰᠥ ᠴᠠᠰᠤᠨ ᠤ ᠲᠠᠯᠠᠪᠤᠷ ︵ᠣᠷᠳᠣᠨ︶ ᠤᠨ ︽ᠮᠥᠰᠥ ᠴᠠᠰᠤ ᠪᠠᠷ ᠠᠷᠠᠳ ᠲᠤ ᠠᠰᠢᠭ ᠬᠦᠷᠲᠡᠭᠡᠬᠦ ᠲᠥᠯᠥᠪᠯᠡᠭᠡ︾ ᠳᠤ ᠣᠷᠤᠯᠴᠠᠬᠤ ᠶᠢ ᠬᠥᠲᠥᠯᠥᠨ ᠵᠢᠯᠤᠭᠤᠳᠬᠤ ᠪᠠ ᠳᠡᠮᠵᠢᠵᠦ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠤᠯᠴᠠᠬᠤ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃      ᠡᠭᠢᠯᠡᠯᠲᠡ ᠶᠢᠨ ᠶᠣᠰᠣᠯᠠᠯ ᠤᠨ ᠬᠤᠭᠤᠴᠠᠭᠠᠨ ᠳᠤ᠂   26 ᠵᠦᠢᠯ ᠤᠨ ᠣᠯᠠᠨ ᠲᠦᠮᠡᠨᠴᠢ ᠤᠷᠤᠯᠳᠤᠭᠠᠨ ᠤ ᠠᠵᠢᠯᠯᠠᠭ᠎ᠠ ᠶᠢ ᠵᠡᠷᠭᠡ ᠪᠠᠷ ᠥᠷᠨᠢᠭᠦᠯᠬᠦ ᠪᠣᠯᠣᠨ᠎ᠠ᠃ ᠡᠭᠦᠨ ᠳᠤ ᠪᠦᠭᠦ ᠤᠯᠤᠰ ᠤᠨ ᠬᠤᠲᠠ ᠶᠢᠨ ᠬᠡᠭᠡᠷᠡᠯᠡᠨ ᠴᠠᠨᠠᠯᠠᠬᠤ ᠤᠷᠤᠯᠳᠤᠭᠠᠨ᠂ ᠪᠦᠭᠦ ᠤᠯᠤᠰ ᠤᠨ ᠲᠦᠷᠭᠡᠨ ᠲᠡᠰᠢᠯᠲᠡ ᠶᠢᠨ ᠮᠠᠷᠠᠽᠤᠨ ᠤ ᠤᠷᠢᠯᠭ᠎ᠠ ᠶᠢᠨ ᠤᠷᠤᠯᠳᠤᠭᠠᠨ᠂ ᠳᠤᠮᠳᠠᠳᠤ ᠤᠯᠤᠰ ᠤᠨ ᠮᠠᠰᠢᠨ ᠲᠡᠷᠭᠡᠨ ᠤ ᠬᠡᠭᠡᠷᠡᠯᠡᠨ ᠵᠢᠯᠤᠭᠤᠳᠬᠤ ᠮᠠᠩᠯᠠᠢ ᠰᠢᠯᠭᠠᠷᠠᠭᠤᠯᠬᠤ ᠤᠷᠤᠯᠳᠤᠭᠠᠨ᠂  ᠪᠦᠭᠦ ᠤᠯᠤᠰ ᠤᠨ ᠴᠠᠰᠤᠨ ᠳᠡᠭᠡᠷ᠎ᠡ ᠮᠣᠲ᠋ᠣᠷ ᠲᠡᠷᠭᠡ ᠪᠠᠷ ᠬᠡᠭᠡᠷᠡᠯᠡᠨ ᠠᠶᠠᠯᠠᠬᠤ  ᠱᠠᠩᠨᠠᠯᠲᠤ ᠤᠷᠤᠯᠳᠤᠭᠠᠨ ᠵᠡᠷᠭᠡ ᠤᠯᠤᠰ ᠤᠨ ᠲᠠᠰ ᠤᠨ ᠤᠷᠤᠯᠳᠤᠭᠠᠨ ᠢ  ᠪᠠᠭᠲᠠᠭᠠᠪᠠ᠃ ᠡᠭᠦᠨ ᠠᠴᠠ ᠭᠠᠳᠠᠨ᠎ᠠ᠂ ᠪᠠᠰᠠ ᠡᠪᠦᠯ ᠤᠨ ᠤᠯᠠᠷᠢᠯ ᠤᠨ ᠪᠠᠭᠠᠲᠤᠷᠴᠤᠳ ᠤᠨ ᠴᠤᠭᠯᠠᠭᠠᠨ᠂ ᠳᠤᠮᠳᠠᠳᠤ ᠤᠯᠤᠰ ᠤᠨ ᠬᠦᠢᠲᠡᠨ ᠤ ᠲᠤᠶᠢᠯ ᠤᠨ ᠮᠠᠷᠠᠽᠤᠨ ᠤᠷᠤᠯᠳᠤᠭᠠᠨ᠂ ᠣᠯᠠᠨ ᠲᠦᠮᠡᠨᠴᠢ ᠡᠪᠦᠯ ᠤᠨ ᠤᠮᠪᠠᠯᠲᠠ ᠶᠢᠨ ᠤᠷᠢᠯᠭ᠎ᠠ ᠶᠢᠨ ᠤᠷᠤᠯᠳᠤᠭᠠᠨ᠂ ᠮᠥᠰᠥᠨ ᠳᠡᠭᠡᠷᠡᠬᠢ ᠯᠤᠤᠲᠤ ᠣᠩᠭᠤᠴᠠ ᠵᠡᠷᠭᠡ ᠣᠯᠠᠨ ᠲᠦᠮᠡᠨ ᠤ ᠥᠷᠭᠡᠨ ᠢᠶᠠᠷ ᠣᠷᠣᠯᠴᠠᠬᠰᠠᠨ ᠮᠥᠰᠥ ᠴᠠᠰᠤᠨ ᠤ ᠤᠷᠤᠯᠳᠤᠭᠠᠨ ᠵᠡᠷᠭᠡ 34 ᠤᠷᠤᠯᠳᠤᠭᠠᠨ ᠤ ᠵᠦᠢᠯ ᠢ ᠲᠣᠬᠢᠷᠠᠭᠤᠯᠪᠠ᠃ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠤᠨ ᠬᠤᠭᠤᠴᠠᠭᠠᠨ ᠳᠤ  ᠪᠠᠰᠠ ᠮᠥᠰᠥ ᠴᠠᠰᠤᠨ ᠤ ᠲᠣᠷᠭᠠᠨ ᠵᠠᠮ ᠤᠨ ᠦᠵᠡᠭᠦᠯᠭᠡ᠂ ᠡᠪᠦᠯ ᠤᠨ ᠤᠯᠠᠷᠢᠯ ᠤᠨ ᠨᠡᠭᠦᠳᠡᠯ ᠰᠣᠶᠣᠯ ᠤᠨ ᠦᠵᠡᠭᠦᠯᠭᠡ ᠵᠡᠷᠭᠡ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ 47 ᠲᠥᠷᠥᠯ ᠡᠷᠭᠢᠯᠡᠵᠦ᠂ 500 ᠲᠦᠮᠡᠨ ᠬᠥᠮᠥᠨ ᠣᠷᠤᠯᠴᠠᠬᠤ ᠪᠠᠷ ᠵᠢᠱᠢᠵᠦ ᠪᠠᠶᠢᠨ᠎ᠠ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号