ᠲᠡᠦᠬᠡ ᠶᠢ ᠳᠤᠭᠤᠯᠵᠦ᠂ ᠰᠣᠶᠣᠯ ᠢ ᠤᠬᠠᠵᠤ᠂ ᠢᠷᠡᠭᠡᠳᠦᠢ ᠪᠠᠨ ᠴᠣᠭᠴᠠᠯᠠᠨ᠎ᠠ
ᠨᠡᠶᠢᠲᠡᠯᠡᠭᠰᠡᠨ ᠴᠠᠭ᠄
2024/12/2
     ᠣᠶᠢᠷ᠎ᠠ ᠶᠢᠨ ᠡᠳᠦᠷ᠂ ᠰᠠᠶᠢᠬᠠᠨ ᠲᠣᠭᠤᠷᠢᠭ ᠤᠨ ᠲᠧᠩ ᠹᠧᠢ ᠵᠠᠮ ᠤᠨ ᠪᠠᠭ᠎ᠠ ᠰᠤᠷᠭᠠᠭᠤᠯᠢ ᠬᠥᠬᠡᠬᠤᠲᠠ ᠶᠢᠨ ᠰᠤᠷᠭᠠᠨ ᠬᠥᠮᠦᠵᠢᠯ  ᠤᠨ ᠲᠣᠪᠴᠢᠶ᠎ᠠ ᠠᠴᠠ ᠭᠤᠣᠯᠯᠠᠨ ᠡᠷᠬᠢᠯᠡᠭᠰᠡᠨ ᠭᠤᠣᠯ ᠰᠡᠳᠦᠪᠲᠦ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠥᠨ ᠬᠥᠮᠥᠵᠢᠭᠦᠯᠬᠦ ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠶᠢᠨ ᠵᠣᠷᠢᠯᠭ᠎ᠠ ᠨᠢ ᠰᠤᠷᠤᠭᠴᠢᠳ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ ᠦᠵᠡᠯ ᠰᠡᠳᠬᠢᠯᠭᠡ ᠪᠠᠨ ᠪᠣᠯᠪᠠᠰᠤᠷᠠᠭᠤᠯᠵᠤ᠂ ᠬᠠᠷᠠᠭ᠎ᠠ ᠪᠠᠨ ᠥᠷᠭᠡᠳᠬᠡᠨ᠂ ᠮᠡᠳᠡᠯᠭᠡ ᠪᠠᠨ ᠪᠠᠶᠠᠯᠢᠭᠵᠢᠭᠤᠯᠵᠤ᠂ ᠲᠠᠨᠢᠯᠲᠠ ᠶᠢ ᠨᠢ ᠨᠡᠮᠡᠭᠳᠡᠭᠦᠯᠦᠨ᠂ ᠪᠠᠶᠢᠭᠠᠯᠢ ᠪᠠ ᠰᠣᠶᠣᠯ ᠳᠠᠬᠢ ᠣᠶᠢᠷ᠎ᠠ ᠳᠣᠲᠣᠨᠣ ᠲᠥᠷᠥᠭᠳᠡᠯ ᠢᠶᠠᠨ ᠭᠦᠨᠵᠡᠭᠡᠶᠢᠷᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠃     ᠬᠤᠳᠠ ᠶᠢᠨ ᠬᠥᠭᠵᠢᠯᠲᠡ ᠶᠢᠨ ᠲᠥᠪ ᠲᠤ᠂ ᠰᠤᠷᠤᠭᠴᠢᠳ ᠬᠥᠬᠡᠬᠤᠲᠠ ᠶᠢᠨ ᠵᠠᠭᠤᠨ ᠵᠢᠯ ᠤᠨ ᠬᠤᠳᠠ ᠶᠢᠨ ᠲᠡᠦᠬᠡᠨ ᠶᠠᠪᠤᠴᠠ ᠶᠢ ᠪᠡᠶ᠎ᠡ ᠪᠠᠷ ᠢᠶᠠᠨ ᠥᠩᠭᠡᠷᠡᠭᠦᠯᠵᠦ᠂ ᠡᠨᠡᠬᠦ ᠬᠤᠳᠠ ᠶᠢᠨ ᠯᠤᠲᠤ ᠶᠡᠭᠡ ᠬᠤᠪᠢᠷᠠᠯᠲᠠ ᠶᠢ ᠣᠶᠢᠯᠠᠭᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠷᠡᠮᠵᠢ ᠲᠡᠭᠦᠯᠳᠡᠷ ᠦᠵᠡᠭᠦᠯᠭᠡ ᠶᠢᠨ ᠲᠢᠩᠬᠢᠮ ᠳᠤ᠂ ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠤᠨ ᠭᠡᠷᠡᠯ ᠰᠠᠴᠤᠷᠠᠩᠭᠤᠢ ᠠᠮᠵᠢᠯᠲᠠ᠂ ᠨᠠᠷᠢᠯᠢᠭ ᠠᠵᠤ ᠦᠢᠯᠡᠰ ᠤᠨ ᠬᠡᠯᠬᠢᠶ᠎ᠡ ᠶᠢᠨ ᠵᠠᠭᠪᠤᠷ ᠵᠢᠴᠢ ᠡᠯ᠎ᠡ ᠲᠦᠷᠦᠯ ᠤᠨ ᠲᠥᠯᠥᠭᠡᠯᠡᠬᠦ ᠴᠢᠨᠠᠷᠲᠠᠢ ᠳᠡᠯᠭᠡᠨ ᠦᠵᠡᠭᠦᠯᠬᠦ ᠵᠦᠢᠯᠡᠰ  ᠨᠢ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠠᠮᠢᠳᠤᠯᠢᠭ ᠢᠶᠠᠷ ᠢᠯᠡᠷᠡᠭᠦᠯᠵᠦ᠂ ᠰᠤᠷᠤᠭᠴᠢᠳ ᠤᠨ ᠨᠤᠲᠤᠭ ᠤᠰᠤᠨ ᠤ ᠪᠠᠨ ᠢᠷᠡᠭᠡᠳᠦᠢ ᠶᠢᠨ ᠬᠥᠭᠵᠢᠯᠲᠡ ᠶᠢᠨ ᠲᠤᠬᠠᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ ᠬᠥᠭᠵᠢᠭᠡᠵᠡᠢ᠃         ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠤᠨ ᠠᠶᠠᠯᠠᠯ ᠨᠢ ᠴᠠᠭ ᠣᠷᠣᠨ ᠵᠠᠢ ᠶᠢ ᠲᠤᠭᠤᠯᠬᠤ ᠰᠣᠶᠣᠯ ᠤᠨ ᠠᠶᠠᠯᠠᠯ ᠪᠣᠯᠣᠨ᠎ᠠ᠃ ᠪᠠᠯᠠᠷ ᠡᠷᠲᠡᠨ ᠤ ᠴᠢᠯᠠᠭᠤᠵᠢᠮᠠᠯ ᠠᠴᠠ ᠣᠳᠣ ᠦᠶ᠎ᠡ ᠶᠢᠨ ᠠᠮᠢᠳᠤ ᠪᠣᠳᠠᠰ ᠤᠨ ᠦᠯᠢᠭᠡᠷ ᠬᠡᠪ ᠬᠦᠷᠲᠡᠯ᠎ᠡ᠂ ᠭᠠᠵᠠᠷ ᠰᠢᠨᠵᠢᠯᠡᠭᠡᠨ ᠤ ᠭᠠᠶᠢᠬᠠᠮᠰᠢᠭᠲᠤ ᠦᠵᠡᠯᠲᠡ ᠠᠴᠠ ᠠᠮᠢ ᠠᠬᠤᠢ ᠶᠢᠨ ᠰᠢᠰᠲ᠋ᠧᠮ ᠤᠨ ᠨᠢᠭᠤᠴᠠ ᠬᠦᠷᠲᠡᠯ᠎ᠡ᠂ ᠦᠵᠡᠭᠦᠯᠭᠡ ᠶᠢᠨ ᠪᠣᠳᠠᠰ ᠨᠢᠭᠡᠪᠦᠷᠢ ᠴᠥᠮ ᠮᠡᠳᠡᠯᠭᠡ ᠶᠢᠨ ᠡᠭᠦᠳᠡ ᠪᠠᠨ ᠨᠡᠭᠡᠭᠡᠵᠦ᠂ ᠰᠤᠷᠤᠭᠴᠢᠳ ᠢ ᠬᠥᠲᠥᠯᠥᠨ ᠳᠠᠭᠠᠭᠤᠯᠵᠤ ᠥᠪᠥᠷ ᠮᠣᠩᠭᠤᠯ ᠤᠨ ᠥᠨᠢ ᠤᠳᠠᠭᠠᠨ ᠲᠡᠦᠬᠡ ᠰᠣᠶᠣᠯ ᠢ ᠭᠦᠨᠵᠡᠭᠡᠢ ᠣᠶᠢᠯᠠᠭᠠᠭᠤᠯᠵᠠᠢ᠃        ᠵᠣᠣ ᠵᠢᠶᠦ᠋ᠨ ᠪᠣᠳᠠᠰ ᠤᠨ ᠬᠦᠷᠢᠶᠡᠯᠡᠩ ᠳᠤ᠂ ᠪᠠᠭᠰᠢ ᠰᠤᠷᠤᠭᠴᠢᠳ ᠢᠶᠠᠨ ᠳᠠᠭᠠᠭᠤᠯᠤᠨ ᠾᠦᠩᠨᠦ ᠪᠣᠯᠣᠨ ᠳᠤᠮᠳᠠᠳᠤ ᠣᠷᠣᠨ ᠤ ᠦᠵᠡᠭᠦᠯᠦᠯᠭᠡ᠂ ᠳᠤᠮᠳᠠᠳᠤ ᠤᠯᠤᠰ ᠤᠨ ᠡᠷᠲᠡᠨ ᠤ ᠪᠠ ᠲᠥᠷᠥᠯ ᠰᠠᠳᠤᠨ ᠤ ᠰᠣᠶᠣᠯ ᠤᠨ ᠦᠵᠡᠭᠦᠯᠦᠯᠭᠡ᠂ ᠵᠣᠣ ᠵᠢᠶᠦ᠋ᠨ ᠪᠣᠭᠤᠮᠲᠠ ᠶᠢᠨ ᠦᠵᠡᠭᠦᠯᠦᠯᠭᠡ ᠵᠡᠷᠭᠡ ᠶᠢ ᠲᠣᠭᠤᠷᠢᠨ ᠦᠵᠡᠪᠡ᠃ ᠾᠦᠩᠨᠦ ᠪᠣᠯᠣᠨ ᠳᠤᠮᠳᠠᠳᠤ ᠣᠷᠣᠨ ᠤ ᠠᠭᠤᠰᠤᠯᠴᠠᠭᠰᠠᠨ ᠲᠡᠦᠬᠡ᠂ ᠵᠤᠤ ᠵᠢᠶᠦ᠋ᠨ ᠤ ᠪᠣᠭᠤᠮᠲᠠ ᠶᠢᠨ ᠢᠷᠠᠭᠤ ᠭᠠᠶᠢᠬᠠᠮᠰᠢᠭᠲᠤ ᠲᠤᠤᠯᠢ ᠰᠤᠷᠤᠭᠴᠢᠳ ᠢ ︽ᠠᠭᠤᠰᠤᠯᠴᠠᠯ ᠤᠨ ᠰᠠᠶᠢᠬᠠᠨ︾ ᠢ ᠭᠦᠨᠵᠡᠭᠡᠢ ᠣᠶᠢᠯᠠᠭᠠᠭᠤᠯᠵᠤ᠂ ᠲᠡᠳᠡᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠣᠯᠣᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠬᠥᠭᠵᠢᠭᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠲᠤᠬᠠᠢ ᠣᠶᠢᠯᠠᠭᠠᠯᠲᠠ ᠪᠠ ᠮᠡᠳᠡᠷᠡᠮᠵᠢ ᠶᠢ ᠭᠦᠨᠵᠡᠭᠡᠶᠢᠷᠡᠭᠦᠯᠵᠡᠢ᠃        ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠣᠷᠣᠬᠤ ᠳᠤ᠂  ᠭᠦᠨ ᠵᠤᠵᠠᠭᠠᠨ ᠰᠣᠶᠣᠯ ᠤᠨ ᠰᠠᠭᠤᠷᠢ ᠪᠠ ᠰᠤᠷᠭᠠᠭᠤᠯᠢ ᠡᠷᠬᠢᠯᠡᠭᠰᠡᠨ ᠭᠠᠷᠮᠠᠭᠠᠢ ᠦᠷ᠎ᠡ ᠪᠦᠲᠦᠭᠡᠯ ᠳᠤ ᠲᠠᠲᠠᠭᠳᠠᠵᠠᠢ᠃ ᠰᠤᠷᠭᠠᠭᠤᠯᠢ ᠶᠢᠨ ᠲᠡᠦᠬᠡ ᠶᠢᠨ ᠤᠯᠠᠷᠢᠯ ᠬᠤᠪᠢᠰᠤᠯ᠂ ᠬᠥᠭᠵᠢᠯᠲᠡ ᠶᠢᠨ ᠤᠯᠠ ᠮᠥᠷ ᠢ ᠣᠶᠢᠯᠠᠭᠠᠬᠤ ᠪᠠᠷ ᠳᠠᠮᠵᠢᠭᠤᠯᠤᠨ᠂ ᠰᠤᠷᠤᠭᠴᠢᠳ ︽ᠨᠠᠮ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ ᠭᠡᠬᠦ ᠢᠲᠡᠭᠡᠯ ᠵᠣᠷᠢᠭ ᠢᠶᠠᠨ ᠨᠡᠩ ᠪᠠᠲᠤᠳᠬᠠᠪᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠨᠡᠩ ᠴᠤ ᠰᠤᠷᠤᠭᠴᠢᠳ ᠤᠨ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠲᠡᠳᠡᠨ ᠢ ᠵᠣᠷᠢᠭᠵᠢᠭᠤᠯᠤᠨ ᠭᠠᠷᠮᠠᠭᠠᠢ ᠠᠮᠵᠢᠯᠲᠠ ᠶᠢ ᠲᠠᠰᠤᠷᠠᠯᠳᠠ ᠦᠭᠡᠢ ᠬᠥᠭᠡᠭᠡᠴᠡᠯᠳᠦᠭᠦᠯᠵᠦ᠂ ᠤᠯᠤᠰ ᠣᠷᠣᠨ ᠤ ᠴᠡᠴᠡᠭᠯᠡᠨ ᠬᠦᠴᠦᠷᠬᠡᠭᠵᠢᠵᠦ ᠪᠠᠶᠠᠵᠢᠨ ᠬᠦᠴᠦᠷᠬᠡᠭᠵᠢᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃        ᠲᠣᠰ ᠤᠳᠠᠭᠠᠨ ᠤ ᠰᠢᠨᠵᠢᠯᠡᠭᠡᠨ ᠤ ᠰᠠᠯᠠᠭ᠎ᠠ ᠶᠢ ᠠᠭᠤᠰᠤᠯᠴᠠᠭᠤᠯᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠳᠤᠮᠳᠠ᠂ ᠰᠤᠷᠤᠭᠴᠢᠳ ᠰᠤᠳᠤᠯᠤᠨ ᠰᠤᠷᠤᠯᠴᠠᠬᠤ ᠳᠤᠮᠳᠠ ᠡᠷᠳᠡᠮ ᠮᠡᠳᠡᠯᠭᠡ ᠶᠢ ᠡᠷᠢᠯᠬᠢᠯᠡᠵᠦ᠂ ᠦᠢᠯᠡᠳᠦᠯᠭᠡ ᠶᠢᠨ ᠳᠤᠮᠳᠠ ᠦᠰᠦᠨ ᠪᠣᠶᠢᠵᠢᠪᠠ᠃        ᠢᠷᠡᠯᠲᠡ᠄  ᠰᠠᠶᠢᠬᠠᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号