12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠥᠬᠡᠬᠤᠲᠠ ᠶᠢᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠨ᠎ᠡ
ᠨᠡᠶᠢᠲᠡᠯᠡᠭᠰᠡᠨ ᠴᠠᠭ᠄
2024/12/2
       ︵ᠰᠤᠷᠪᠤᠯᠵᠢᠯᠠᠭᠴᠢ ᠳ᠋ᠢᠩ ᠴᠧᠨ︶ 11 ᠳ᠋ᠦ᠋ᠭᠡᠷ ᠰᠠᠷ᠎ᠠ ᠶᠢᠨ 22 ᠤ ᠡᠳᠦᠷ ᠰᠤᠷᠪᠤᠯᠵᠢᠯᠠᠭᠴᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠶᠣᠰᠣᠭᠠᠷ᠂ ᠬᠥᠬᠡᠬᠤᠲᠠ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ 2024 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                 ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ  ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠲᠣᠰ ᠲᠣᠰ 1980 ᠲᠥᠭᠦᠷᠢᠭ᠂ 1910 ᠲᠥᠭᠦᠷᠢᠭ᠂ 1850 ᠲᠥᠭᠦᠷᠢᠭ ᠠᠴᠠ 2270 ᠲᠥᠭᠦᠷᠢᠭ᠂ 2200 ᠲᠥᠭᠦᠷᠢᠭ᠂ 2140 ᠲᠥᠭᠦᠷᠢᠭ ᠪᠣᠯᠤᠨ ᠳᠡᠭᠡᠭᠰᠢᠯᠡᠵᠦ᠂ ᠲᠣᠰ ᠲᠣᠰ 290 ᠲᠥᠭᠦᠷᠢᠭ ᠨᠡᠮᠡᠭᠳᠡᠪᠡ᠃ ᠪᠦᠬᠦᠯᠢ ᠡᠳᠦᠷ ᠤᠨ ᠪᠤᠰᠤ ᠠᠵᠢᠯ ᠤᠨ ᠴᠠᠭ ᠪᠦᠷᠢ ᠶᠢᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠲᠣᠰ ᠲᠣᠰ 20.8 ᠲᠥᠭᠦᠷᠢᠭ᠂ 20.1 ᠲᠥᠭᠦᠷᠢᠭ᠂ 19.5 ᠲᠥᠭᠦᠷᠢᠭ ᠠᠴᠠ 22.4 ᠲᠥᠭᠦᠷᠢᠭ᠂ 21.7 ᠲᠥᠭᠦᠷᠢᠭ᠂ 21.1 ᠲᠥᠭᠦᠷᠢᠭ ᠪᠣᠯᠵᠤ᠂ ᠲᠣᠰ ᠲᠣᠰ 1.6 ᠲᠥᠭᠦᠷᠢᠭ ᠨᠡᠮᠡᠭᠳᠡᠪᠡ᠃ ᠬᠥᠬᠡᠬᠤᠲᠠ ᠶᠢᠨ ᠨᠢᠭᠡᠳᠦᠭᠡᠷ ᠲᠥᠷᠥᠯ ᠤᠨ ᠭᠠᠵᠠᠷ ᠣᠷᠣᠨ ᠳᠤ ᠬᠤᠷᠢᠨᠭᠡᠷ ᠰᠢᠶᠠᠨ᠂ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠢᠦᠢ ᠴᠢᠦᠸᠠᠨ ᠲᠣᠭᠤᠷᠢᠭ᠂ ᠰᠠᠶᠢᠬᠠᠨ ᠲᠣᠭᠤᠷᠢᠭ ᠵᠡᠷᠭᠡ 5 ᠰᠢᠶᠠᠨ ᠲᠣᠭᠤᠷᠢᠭ ᠢ ᠪᠠᠭᠲᠠᠭᠠᠵᠤ᠂ ᠬᠤᠶᠠᠳᠤᠭᠠᠷ ᠲᠥᠷᠥᠯ ᠤᠨ ᠭᠠᠵᠠᠷ ᠣᠷᠣᠨ ᠳᠤ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠴᠢᠩ ᠱᠦᠢ ᠾᠧ ᠰᠢᠶᠠᠨ᠂ ᠦᠴᠦᠸᠠᠨ ᠰᠢᠶᠠᠨ ᠵᠡᠷᠭᠡ 4 ᠬᠤᠰᠢᠭᠤ ᠰᠢᠶᠠᠨ ᠢ ᠪᠠᠭᠲᠠᠭᠠᠨ᠎ᠠ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠪᠠᠶᠢᠬᠤ ᠦᠭᠡᠢ᠃                 ᠰᠠᠷ᠎ᠠ ᠶᠢᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢ ᠪᠦᠬᠦᠯᠢ ᠡᠳᠦᠷ ᠤᠨ ᠳᠦᠷᠢᠮᠲᠦ ᠠᠵᠢᠯ ᠤᠨ ᠬᠥᠳᠡᠯᠮᠦᠷᠢᠯᠡᠭᠴᠢᠳ ᠲᠤ ᠬᠡᠷᠡᠭᠯᠡᠵᠦ᠂ ᠬᠥᠳᠡᠯᠮᠦᠷᠢᠯᠡᠭᠴᠢᠳ ᠬᠠᠤᠯᠢ ᠪᠠᠷ ᠲᠣᠭᠲᠠᠭᠠᠭᠰᠠᠨ ᠠᠵᠢᠯᠯᠠᠬᠤ ᠴᠠᠭ ᠪᠤᠶᠤ ᠬᠥᠳᠡᠯᠮᠦᠷᠢ ᠶᠢᠨ ᠭᠡᠷ᠎ᠡ ᠳᠤ ᠲᠣᠭᠲᠠᠭᠰᠠᠨ ᠠᠵᠢᠯᠯᠠᠬᠤ ᠴᠠᠭ ᠤᠨ ᠳᠣᠲᠣᠷ᠎ᠠ ᠬᠥᠳᠡᠯᠮᠦᠷᠢ ᠬᠠᠩᠭᠠᠭᠰᠠᠨ ᠪᠣᠯ᠂ ᠬᠥᠮᠦᠨ ᠬᠡᠷᠡᠭᠯᠡᠬᠦ ᠨᠢᠭᠡᠴᠢ ᠶᠢᠨ ᠣᠯᠭᠤᠬᠤ ᠰᠠᠷ᠎ᠠ ᠶᠢᠨ ᠴᠠᠯᠢᠩ ᠢ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ ᠴᠠᠭ ᠪᠦᠷᠢ ᠶᠢᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠨᠢ ᠪᠦᠬᠦᠯᠢ ᠡᠳᠦᠷ ᠤᠨ ᠪᠤᠰᠤ ᠠᠵᠢᠯ ᠤᠨ ᠬᠥᠳᠡᠯᠮᠦᠷᠢᠯᠡᠭᠴᠢᠳ ᠲᠤ ᠲᠣᠬᠢᠷᠠᠨ᠎ᠠ᠂ ᠲᠤᠬᠠᠶᠢᠯᠠᠪᠠᠯ ᠬᠥᠳᠡᠯᠮᠦᠷᠢᠯᠡᠭᠴᠢᠳ ᠠᠳᠠᠯᠢ ᠨᠢᠭᠡᠨ ᠬᠥᠮᠦᠨ ᠬᠡᠷᠡᠭᠯᠡᠬᠦ ᠨᠢᠭᠡᠴᠢ ᠳᠤ ᠳᠤᠮᠳᠠᠴᠢ ᠠᠵᠢᠯᠯᠠᠬᠤ ᠴᠠᠭ ᠨᠢ 4 ᠴᠠᠭ ᠠᠴᠠ ᠬᠡᠲᠦᠷᠡᠬᠦ ᠦᠭᠡᠢ᠂ ᠭᠠᠷᠠᠭ ᠪᠦᠷᠢ ᠶᠢᠨ ᠠᠵᠢᠯᠯᠠᠬᠤ ᠴᠠᠭ ᠨᠡᠶᠢᠲᠡ 24 ᠴᠠᠭ ᠠᠴᠠ ᠬᠡᠲᠦᠷᠡᠬᠦ ᠦᠭᠡᠢ ᠪᠠᠶᠢᠳᠠᠯ ᠳᠣᠣᠷ᠎ᠠ᠂ ᠬᠥᠮᠦᠨ ᠬᠡᠷᠡᠭᠯᠡᠬᠦ ᠨᠢᠭᠡᠴᠢ ᠶᠢᠨ ᠣᠯᠭᠤᠬᠤ ᠴᠠᠯᠢᠩ ᠨᠢ ᠴᠠᠭ ᠪᠦᠷᠢ ᠶᠢᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃                 ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠳᠤ ᠦᠨᠳᠦᠰᠦᠨ ᠨᠠᠰᠤᠵᠢᠯ ᠤᠨ ᠳᠠᠭᠠᠳᠬᠠᠯ᠂ ᠡᠮᠨᠡᠯᠭᠡ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠪᠣᠯᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠲᠤᠰᠢᠶᠠᠬᠤ ᠬᠡᠰᠡᠭ ᠵᠡᠷᠭᠡ ᠪᠠᠭᠲᠠᠨ᠎ᠠ᠃ ᠠᠵᠢᠯᠯᠠᠬᠤ ᠴᠠᠭ ᠢ ᠤᠷᠲᠤᠳᠬᠠᠬᠤ ᠴᠠᠯᠢᠩ᠂ ᠦᠳᠡ ᠶᠢᠨ ᠡᠭᠡᠯᠵᠢ᠂ ᠰᠥᠨᠢ ᠶᠢᠨ ᠡᠭᠡᠯᠵᠢ᠂ ᠥᠨᠳᠥᠷ ᠳᠤᠯᠠᠭᠠᠨ᠂ ᠲᠡᠰᠬᠢᠮ᠎ᠡ ᠬᠦᠢᠲᠡᠨ᠂ ᠬᠤᠳᠳᠤᠭ ᠳᠣᠲᠣᠷ᠎ᠠ᠂ ᠬᠤᠤᠷ ᠪᠤᠶᠤ ᠬᠥᠨᠥᠭᠡᠯ ᠲᠠᠢ ᠵᠡᠷᠭᠡ ᠣᠨᠴᠠᠭᠠᠢ ᠨᠥᠬᠦᠴᠡᠯ ᠤᠨ ᠨᠥᠬᠦᠪᠦᠷᠢ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠤᠯᠤᠰ ᠠᠴᠠ ᠲᠣᠭᠲᠠᠭᠠᠭᠰᠠᠨ ᠬᠥᠳᠡᠯᠮᠦᠷᠢᠯᠡᠭᠴᠢᠳ ᠤᠨ ᠠᠰᠠᠷᠠᠮᠵᠢ ᠣᠯᠭᠤᠮᠵᠢ ᠵᠡᠷᠭᠡ ᠶᠢ ᠪᠠᠭᠲᠠᠭᠠᠬᠤ ᠦᠭᠡᠶ᠃ ᠬᠥᠮᠦᠨ ᠬᠡᠷᠡᠭᠯᠡᠬᠦ ᠨᠢᠭᠡᠴᠢ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠣᠯᠭᠤᠬᠤ ᠲᠣᠭᠲᠠᠭᠠᠯ ᠠᠴᠠ ᠵᠥᠷᠢᠴᠡᠭᠰᠡᠨ ᠪᠠᠶᠢᠪᠠᠯ ᠬᠥᠳᠡᠯᠮᠦᠷᠢᠯᠡᠭᠴᠢᠳ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠬᠤ ᠪᠤᠶᠤ ᠬᠠᠤᠯᠢ ᠶᠣᠰᠣᠭᠠᠷ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠨ᠂ ᠵᠠᠷᠭᠤ ᠬᠢᠵᠦ ᠪᠣᠯᠤᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号