ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠨᠠᠶᠢᠳᠠ 58 ᠱᠠᠩᠨᠠᠯ ᠬᠦᠷᠲᠡᠵᠡᠢ
ᠨᠡᠶᠢᠲᠡᠯᠡᠭᠰᠡᠨ ᠴᠠᠭ᠄
2024/12/2
     ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠲᠡᠭᠦᠰᠪᠡ    11 ᠰᠠᠷ᠎ᠠ ᠶᠢᠨ 30 ᠤ ᠣᠷᠣᠢ ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠬᠠᠶᠢᠨᠠᠨ ᠤ ᠰᠠᠨᠶᠠ ᠳᠤ ᠲᠡᠭᠦᠰ ᠠᠮᠵᠢᠯᠲᠠ ᠲᠠᠢ ᠥᠨᠳᠥᠷᠯᠡᠵᠦ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠨᠡᠶᠢᠲᠡ 58 ᠱᠠᠩᠨᠠᠯ ᠵᠢᠴᠢ ᠪᠡᠶ᠎ᠡ ᠶᠢᠨ ᠲᠠᠮᠢᠷ ᠤᠨ ᠶᠣᠰᠣ ᠮᠣᠷᠠᠯ ᠤᠨ ᠱᠠᠩᠨᠠᠯ ᠭᠦᠷᠳᠡᠪᠡ᠃     ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠥᠪᠥᠷ ᠮᠣᠩᠭᠤᠯ 286 ᠲᠠᠮᠢᠷᠴᠢᠨ ᠤ ᠲᠥᠯᠥᠭᠡᠯᠡᠭᠴᠢᠳ ᠤᠨ ᠪᠦᠯᠭᠦᠮ ᠢ ᠵᠣᠬᠢᠶᠠᠨ ᠪᠠᠶᠢᠭᠤᠯᠵᠤ᠂ ᠰᠢᠨᠵᠢᠶᠠᠩ ᠤᠨ ᠮᠤᠩᠭᠤᠯᠭᠦ᠋ᠷᠢᠶ᠎ᠠ ᠮᠣᠷᠢᠨ ᠮᠡᠷᠭᠡᠵᠢᠯ ᠤᠨ ᠬᠤᠪᠢᠶᠠᠷᠢ ᠤᠷᠤᠯᠳᠤᠭᠠᠨ ᠤ ᠲᠠᠯᠠᠪᠠᠢ ᠪᠠ ᠬᠠᠶᠢᠨᠠᠨ ᠤ ᠰᠠᠨᠶᠠ ᠶᠢᠨ ᠭᠤᠣᠯ ᠤᠷᠤᠯᠳᠤᠭᠠᠨ ᠤ ᠲᠠᠯᠠᠪᠠᠢ ᠳᠤ ᠲᠡᠪᠡᠭ᠂ ᠳᠡᠭᠦᠵᠢᠩ᠂ ᠬᠤᠯᠬᠤᠪᠴᠢ ᠨᠤᠮᠤ ᠬᠠᠷᠪᠤᠬᠤ᠂ ᠲᠥᠪᠡᠳ ᠮᠠᠶ᠋ᠢᠭ ᠤᠨ ᠳᠡᠭᠡᠰᠦ ᠲᠠᠲᠠᠬᠤ᠂ ᠦᠨᠳᠦᠰᠦᠲᠡᠨ ᠤ ᠵᠡᠪᠰᠡᠭ ᠤᠨ ᠡᠷᠳᠡᠮ᠂ ᠦᠨᠳᠦᠰᠦᠲᠡᠨ ᠤ ᠪᠦᠭᠡ ᠶᠢᠨ ᠪᠠᠷᠢᠯᠳᠤᠭᠠᠨ᠂ ᠦᠨᠳᠦᠰᠦᠲᠡᠨ ᠤ ᠮᠣᠷᠢᠨ ᠮᠡᠷᠭᠡᠵᠢᠯ ᠪᠠ ᠦᠨᠳᠦᠰᠦᠲᠡᠨ ᠤ ᠪᠡᠶ᠎ᠡ ᠴᠢᠭᠢᠷᠠᠭᠵᠢᠭᠤᠯᠬᠤ ᠲᠠᠮᠢᠷ ᠵᠡᠷᠭᠡ 8 ᠤᠷᠤᠯᠳᠤᠭᠠᠨ ᠤ ᠲᠦᠷᠦᠯ ᠵᠦᠢᠯ ᠵᠢᠴᠢ ᠤᠭᠯᠠᠭᠤᠷᠭ᠎ᠠ ᠪᠤᠯᠢᠶᠠᠬᠤ᠂ ᠪᠤᠶᠢᠺᠤ ᠪᠥᠮᠪᠦᠭᠡ᠂ ᠲᠡᠮᠡᠭᠡᠨ ᠪᠥᠮᠪᠦᠭᠡ ᠪᠠ ᠮᠣᠷᠢᠨ ᠮᠡᠷᠭᠡᠵᠢᠯ ᠵᠡᠷᠭᠡ 4 ᠲᠣᠬᠯᠠᠯᠲᠠ ᠶᠢᠨ ᠲᠦᠷᠦᠯ ᠵᠦᠢᠯ ᠳᠤ ᠣᠷᠣᠯᠴᠠᠪᠠ᠃     ᠤᠷᠤᠯᠳᠤᠭᠠᠨ ᠤ ᠲᠠᠯᠠᠪᠤᠷ ᠲᠤ ᠥᠪᠥᠷ ᠮᠣᠩᠭᠤᠯ ᠤᠨ ᠲᠠᠮᠢᠷᠴᠢᠳ ᠪᠦᠭᠦ ᠬᠦᠴᠦᠨ ᠢᠶᠠᠷ ᠢᠶᠠᠨ ᠴᠢᠷᠮᠠᠶᠢᠨ ᠲᠡᠮᠡᠴᠡᠵᠦ᠂ ︽ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ ᠳᠠᠭᠠᠨ ᠵᠠᠪᠠᠯ ᠬᠦᠷᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠤᠷᠤᠯᠳᠤᠭᠠᠨ ᠤ ᠲᠥᠷᠥᠯ ᠵᠦᠢᠯ ᠳᠤ ᠨᠡᠶᠢᠲᠡ 6 ᠨᠢᠭᠡᠳᠦᠭᠡᠷ ᠳᠡᠰ ᠤᠨ ᠱᠠᠩᠨᠠᠯ᠂ 23 ᠬᠤᠶᠠᠳᠤᠭᠠᠷ ᠳᠡᠰ ᠤᠨ ᠱᠠᠩᠨᠠᠯ ᠪᠠ 25 ᠭᠤᠷᠪᠠᠳᠤᠭᠠᠷ ᠳᠡᠰ ᠤᠨ ᠱᠠᠩᠨᠠᠯ ᠬᠦᠷᠲᠡᠵᠦ᠂ ᠲᠣᠬᠯᠠᠯᠲᠠ ᠶᠢᠨ ᠲᠥᠷᠥᠯ ᠵᠦᠢᠯ ᠳᠤ 2 ᠨᠢᠭᠡᠳᠦᠭᠡᠷ ᠳᠡᠰ ᠤᠨ ᠱᠠᠩᠨᠠᠯ ᠪᠠ 2 ᠬᠤᠶᠠᠳᠤᠭᠠᠷ ᠳᠡᠰ ᠤᠨ ᠱᠠᠩᠨᠠᠯ ᠬᠦᠷᠲᠡᠵᠦ᠂ ᠨᠡᠶᠢᠲᠡ 58 ᠱᠠᠩᠨᠠᠯ ᠭᠦᠷᠳᠡᠪᠡ᠃ ᠬᠠᠮᠲᠤ ᠳᠤᠨᠢ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠪᠡᠶ᠎ᠡ ᠶᠢᠨ ᠲᠠᠮᠢᠷ ᠤᠨ ᠶᠣᠰᠣ ᠰᠤᠷᠲᠠᠬᠤᠨ ᠤ ᠬᠡᠪ ᠰᠤᠷᠲᠠᠯ ᠤᠨ ᠱᠠᠩᠨᠠᠯ ᠭᠦᠷᠳᠡᠪᠡ᠃    ᠲᠠᠨᠢᠯᠴᠠᠭᠤᠯᠤᠭᠰᠠᠨ ᠢᠶᠠᠷ᠂ 1953 ᠣᠨ ᠠᠴᠠ ᠨᠠᠭᠠᠰᠢ ᠥᠪᠥᠷ ᠮᠣᠩᠭᠤᠯ ᠨᠡᠶᠢᠲᠡ 12 ᠬᠤᠭᠤᠴᠠᠭᠠᠨ ᠤ  ᠪᠦᠭᠦ  ᠤᠯᠤᠰ  ᠤᠨ ᠴᠥᠭᠡᠨ ᠲᠣᠭᠠᠲᠤ  ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠬᠰᠠᠨ ᠪᠥᠭᠡᠳ ᠬᠤᠶᠠᠳᠤᠭᠠᠷ ᠬᠤᠭᠤᠴᠠᠭ᠎ᠠ᠂ ᠠᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠭᠢᠯᠡᠪᠡ᠃ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠤᠯᠴᠠᠬᠤ ᠪᠠ ᠳᠠᠭᠠᠭᠠᠴᠢᠯᠠᠨ ᠡᠷᠭᠢᠯᠡᠭᠦ ᠪᠠᠷ ᠳᠠᠮᠵᠢᠨ᠂ ᠥᠪᠥᠷ ᠮᠣᠩᠭᠤᠯ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠠᠵᠢᠯ ᠤᠨ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠨᠢᠭᠡ ᠪᠦᠯᠦᠭ ᠦᠨᠳᠦᠰᠦᠲᠡᠨ ᠤ ᠪᠡᠶ᠎ᠡ ᠶᠢᠨ ᠲᠠᠮᠢᠷ ᠤᠨ ᠲᠤᠰᠬᠠᠢ ᠴᠢᠳᠠᠪᠤᠷᠢᠲᠠᠨ ᠢ ᠬᠥᠮᠥᠵᠢᠭᠦᠯᠵᠦ᠂ ᠡᠯ᠎ᠡ ᠦᠨᠳᠦᠰᠦᠲᠡᠨ ᠤ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠷᠬᠡᠭ ᠶᠡᠭᠡ ᠣᠶᠤᠨ ᠤ ᠰᠣᠶᠣᠯ ᠤᠨ ᠲᠤᠯᠭᠠᠭᠤᠷᠢᠯᠠᠯ ᠬᠠᠩᠭᠠᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠮᠢᠳᠤᠯᠢᠭ ᠦᠢᠯᠡᠳᠦᠯᠭᠡ ᠵᠢᠴᠢ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ  ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠪᠦᠭᠦ ᠲᠠᠯ᠎ᠠ ᠪᠠᠷ ᠢᠯᠡᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ  ᠶᠠᠪᠤᠳᠠᠯ ᠢ ᠰᠠᠶᠢᠲᠤᠷ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ  ᠰᠢᠨ᠎ᠡ ᠬᠠᠭᠤᠳᠠᠰᠤ  ᠶᠢ ᠴᠢᠷᠮᠠᠶᠢᠨ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号