ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ︽12355 ᠡᠷᠡᠭᠦᠯ ᠮᠡᠨᠳᠦ ᠶᠢ ᠬᠠᠮᠠᠭᠠᠯᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/20
      ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ 12355 ᠵᠠᠯᠠᠭᠤᠴᠤᠳ ᠪᠠᠭᠠᠴᠤᠳ ᠤᠨ ᠦᠢᠯᠡᠴᠢᠯᠡᠭᠡᠨ ᠤ ᠲᠠᠪᠴᠠᠩ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠡᠯ᠎ᠡ ᠰᠤᠷᠭᠠᠭᠤᠯᠢ ᠪᠠᠷ ᠬᠦᠷᠴᠦ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠰᠡᠳᠬᠢᠴᠡ ᠶᠢᠨ ᠦᠨᠡᠯᠡᠯᠲᠡ ᠵᠡᠷᠭᠡ ᠠᠵᠢᠯᠯᠠᠭ᠎ᠠ ᠶᠢ 10 ᠲᠠᠯᠠᠪᠤᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃      ᠠᠵᠢᠯᠯᠠᠭ᠎ᠠ ᠨᠢ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ᠂ ᠮᠡᠬᠡᠯᠡᠨ ᠬᠤᠳᠠᠯᠳᠤᠬᠤ ᠶᠢ ᠰᠡᠷᠭᠡᠶᠢᠯᠡᠬᠦ᠂ ᠠᠮᠤᠷ ᠲᠦᠪᠰᠢᠨ ᠢᠶᠠᠷ ᠥᠪᠡᠷ ᠢ ᠪᠠᠨ ᠬᠠᠮᠠᠭᠠᠯᠠᠬᠤ ᠵᠡᠷᠭᠡ ᠬᠦᠷᠢᠶᠡᠨ ᠳᠤ ᠴᠢᠭᠯᠡᠭᠦᠯᠦᠨ᠂ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠬᠴᠢᠳ ᠲᠤ ᠴᠢᠭᠯᠡᠭᠦᠯᠦᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 2 ᠤᠳᠠᠭ᠎ᠠ ᠥᠷᠨᠢᠭᠦᠯᠵᠦ᠂ ᠠᠮᠢ ᠨᠠᠰᠤᠨ ᠤ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠶᠢ 1 ᠤᠳᠠᠭ᠎ᠠ ᠥᠷᠨᠢᠭᠦᠯᠬᠦ ᠶᠢᠨ ᠬᠠᠮᠲᠤ᠂ ᠰᠡᠷᠭᠡᠶᠢᠯᠡᠨ ᠬᠠᠮᠠᠭᠠᠯᠠᠬᠤ ᠰᠤᠷᠭᠠᠨ ᠬᠥᠮᠦᠵᠢᠯ ᠤᠨ ᠭᠠᠷ ᠠᠪᠤᠯᠭ᠎ᠠ ᠲᠠᠷᠬᠠᠭᠠᠬᠤ᠂ ᠥᠪᠡᠷ ᠢ ᠪᠠᠨ ᠬᠠᠮᠠᠭᠠᠯᠠᠬᠤ ᠳᠠᠭᠤᠷᠢᠶᠠᠮᠠᠯ ᠰᠣᠷᠢᠯᠲᠠ ᠬᠢᠬᠦ ᠵᠡᠷᠭᠡ ᠭᠡᠯᠪᠡᠷᠢ ᠪᠠᠷ ᠥᠷᠭᠡᠨ ᠣᠯᠠᠨ ᠪᠠᠶᠢᠷᠢ ᠳᠤ ᠰᠠᠭᠤᠭ᠎ᠠ ᠰᠤᠷᠤᠬᠴᠢᠳ ᠤᠨ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠭᠦ ᠶᠢ ᠬᠥᠲᠥᠯᠥᠨ ᠵᠢᠯᠤᠭᠤᠳᠴᠤ᠂ ᠲᠡᠪᠴᠢᠨ ᠲᠠᠶᠠᠭᠳᠠᠬᠤ ᠠᠷᠭ᠎ᠠ ᠶᠢ ᠡᠵᠡᠮᠰᠢᠭᠦᠯᠦᠨ᠂ ᠵᠥᠪ ᠪᠤᠷᠤᠭᠤ ᠶᠢ ᠢᠯᠭᠠᠨ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ︽ᠬᠦᠴᠦᠷᠬᠡᠭᠯᠡᠯ ᠶᠠᠪᠤᠭᠤᠯᠤᠭᠴᠢ︾ ᠪᠤᠯᠬᠤ ᠦᠭᠡᠢ᠂ ᠬᠠᠤᠯᠢ ᠪᠤᠰᠤ ᠡᠲᠡᠭᠡᠳ ᠲᠠᠢ ᠤᠴᠠᠷᠠᠪᠠᠯ ᠬᠡᠷᠬᠢᠨ ᠥᠪᠡᠷ ᠢ  ᠪᠠᠨ ᠰᠠᠶᠢᠲᠤᠷ ᠬᠠᠮᠠᠭᠠᠯᠠᠬᠤ ᠪᠠ ᠬᠠᠪᠰᠤᠷᠤᠯᠭ᠎ᠠ ᠭᠤᠶᠤᠬᠤ ᠠᠷᠭ᠎ᠠ ᠵᠠᠮ ᠢ ᠡᠵᠡᠮᠰᠢᠭᠦᠯᠪᠡ᠃      ᠰᠢᠷᠢᠰ ᠰᠡᠳᠬᠢᠴᠡ ᠶᠢᠨ ᠲᠣᠭᠯᠠᠭᠠᠮ ᠢᠶᠠᠷ ᠲᠠᠮᠵᠢᠨ ᠰᠤᠷᠤᠬᠴᠢᠳ ᠲᠤ ᠪᠠᠴᠢᠮᠳᠠᠵᠤ ᠵᠣᠪᠠᠨᠢᠬᠤ ᠦᠶᠡᠰ ᠥᠪᠡᠷ ᠢ ᠪᠠᠨ ᠲᠠᠶᠢᠪᠤᠰᠢᠷᠠᠭᠤᠯᠬᠤ᠂ ᠥᠪᠡᠷ ᠢ ᠪᠠᠨ ᠰᠡᠷᠡᠵᠦ ᠮᠡᠳᠡᠬᠦ᠂ ᠳᠠᠷᠤᠯᠲᠠ ᠪᠠᠨ ᠪᠠᠭᠠᠰᠬᠠᠬᠤ ᠠᠷᠭ᠎ᠠ ᠶᠢ ᠣᠶᠢᠯᠠᠭᠠᠭᠤᠯᠪᠠ᠃ ᠪᠠᠶᠢᠷᠢ ᠳᠤ ᠰᠠᠭᠤᠭ᠎ᠠ ᠰᠣᠷᠣᠬᠴᠢ ᠶᠢᠨ ᠬᠤᠪᠢ ᠬᠥᠮᠥᠨ ᠤ ᠨᠢᠭᠤᠴᠠ ᠵᠢᠴᠢ ᠬᠤᠪᠢ ᠬᠥᠮᠥᠨ ᠤ ᠬᠦᠰᠡᠯ ᠰᠠᠨᠠᠭ᠎ᠠ ᠶᠢ ᠭᠦᠢᠴᠡᠳ ᠬᠠᠮᠠᠭᠠᠯᠠᠵᠤ ᠬᠦᠨᠳᠦᠳᠬᠡᠭᠰᠡᠨ ᠤᠷᠢᠲᠠᠯ ᠳᠣᠣᠷ᠎ᠠ᠂ ᠪᠠᠭᠰᠢ ᠨᠠᠷ ᠪᠠᠰᠠ ᠰᠡᠳᠬᠢᠴᠡ ᠶᠢᠨ ᠠᠰᠠᠭᠤᠳᠠᠯ ᠣᠷᠣᠰᠢᠵᠤ ᠪᠠᠶᠢᠭ᠎ᠠ 21 ᠰᠣᠷᠣᠬᠴᠢ ᠳᠤ ᠰᠡᠳᠬᠢᠴᠡ ᠶᠢᠨ ᠬᠡᠮᠵᠢᠨ ᠲᠣᠭᠲᠠᠭᠠᠯᠲᠠ ᠬᠢᠵᠦ ᠥᠭᠭᠦᠭᠰᠡᠨ ᠪᠥᠭᠡᠳ ᠰᠡᠳᠬᠢᠴᠡ ᠶᠢᠨ ᠬᠡᠮᠵᠢᠨ ᠲᠣᠭᠲᠠᠭᠠᠯᠲᠠ ᠶᠢᠨ ᠮᠡᠳᠡᠭᠦᠯᠦᠯᠲᠡ ᠶᠢ ᠦᠨᠳᠦᠰᠦᠯᠡᠨ ᠨᠢᠭᠡᠳ ᠨᠢᠭᠡ ᠪᠠᠷ ᠰᠡᠳᠬᠢᠴᠡ ᠶᠢᠨ ᠵᠢᠯᠣᠭᠤᠳᠤᠯᠭ᠎ᠠ ᠬᠢᠬᠦ ᠦᠢᠯᠡᠴᠢᠯᠡᠭᠡ ᠥᠷᠨᠢᠭᠦᠯᠪᠡ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号