ᠰᠠᠶᠢᠬᠠᠨ ᠲᠣᠭᠤᠷᠢᠭ᠄ ᠴᠠᠰᠦ ᠮᠦᠰᠦ ᠠᠷᠢᠯᠭᠠᠬᠤ ᠠᠵᠢᠯ ᠢ ᠦᠳᠲᠦᠷ ᠲᠦᠷᠭᠡᠨ ᠦᠷᠨᠢᠭᠦᠯᠪᠠ
ᠨᠡᠶᠢᠲᠡᠯᠡᠭᠰᠡᠨ ᠴᠠᠭ᠄
2024/12/23
      ᠰᠠᠶᠢᠬᠠᠨ ᠲᠣᠭᠤᠷᠢᠭ ᠤᠨ ᠡᠯ᠎ᠡ ᠭᠠᠵᠠᠷ ᠣᠷᠣᠨ ᠳᠤ ᠴᠠᠰᠤ ᠠᠷᠢᠯᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠦᠳᠲᠡᠷ ᠲᠦᠷᠭᠡᠨ ᠡᠬᠢᠯᠡᠭᠦᠯᠵᠦ᠂ ᠡᠯ᠎ᠡ ᠵᠦᠢᠯ ᠤᠨ ᠮᠥᠰᠥ ᠴᠠᠰᠤ ᠶᠢ ᠠᠷᠢᠯᠭᠠᠬᠤ ᠠᠵᠢᠯ ᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠥᠷᠨᠢᠭᠦᠯᠵᠦ᠂ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠵᠢᠴᠢ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ 
图片3.png     
           ᠰᠤᠷᠪᠤᠯᠵᠢᠯᠠᠭᠴᠢ ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠠᠴᠠ ᠣᠶᠢᠯᠠᠭᠠᠭᠰᠠᠨ ᠢᠶᠠᠷ᠂ ︽ᠪᠠᠶᠢᠭᠤᠯᠭ᠎ᠠ ᠶᠢᠨ ᠬᠦᠴᠦᠨ᠂ ᠬᠠᠮᠲᠤ ᠪᠠᠷ ᠪᠠᠶᠢᠭᠤᠯᠬᠤ ᠬᠦᠴᠦᠨ᠂ ᠰᠠᠶᠢᠨ ᠳᠤᠷ᠎ᠠ ᠶᠢᠨ ᠬᠦᠴᠦᠨ᠂ ᠦᠢᠯᠡᠴᠢᠯᠡᠭᠡᠨ ᠤ ᠬᠦᠴᠦᠨ᠂ ᠪᠠᠴᠢᠮ ᠪᠠᠶᠢᠳᠠᠯ ᠢ ᠠᠷᠭᠠᠴᠠᠬᠤ ᠬᠦᠴᠦᠨ︾ ᠵᠡᠷᠭᠡ ᠲᠠᠪᠤ ᠶᠢ ᠨᠢᠭᠡ ᠴᠣᠭᠴᠠᠵᠢᠭᠤᠯᠤᠨ ᠳᠠᠶᠢᠴᠢᠯᠠᠬᠤ ᠰᠡᠳᠬᠢᠴᠡ ᠶᠣᠰᠣᠭᠠᠷ᠂ ᠵᠡᠭᠡᠯᠢ ᠭᠤᠳᠤᠮᠵᠢ ᠳᠤ ᠴᠠᠰᠤ ᠠᠷᠢᠯᠭᠠᠬᠤ ᠠᠵᠢᠯ ᠤᠨ ᠪᠡᠯᠡᠳᠬᠡᠯ ᠲᠥᠰᠥᠯ ᠢ ᠦᠳᠲᠡᠷ ᠲᠦᠷᠭᠡᠨ ᠡᠬᠢᠯᠡᠭᠦᠯᠵᠦ᠂ 6 ᠨᠡᠶᠢᠭᠡᠮ ᠲᠣᠭᠤᠷᠢᠭ ᠲᠤ ᠴᠠᠰᠤ ᠠᠷᠢᠯᠭᠠᠬᠤ ᠮᠥᠰᠥ ᠠᠷᠢᠯᠭᠠᠬᠤ ᠰᠠᠨᠠᠭᠠᠴᠢᠯᠠᠭ᠎ᠠ ᠶᠢᠨ ᠪᠢᠴᠢᠭ ᠢ ᠤᠷᠢᠳᠴᠢᠯᠠᠨ ᠨᠡᠶᠢᠲᠡᠯᠡᠵᠦ᠂ ᠬᠠᠷᠢᠶ᠎ᠠ ᠣᠷᠣᠨ ᠳᠤ ᠰᠠᠭᠤᠭ᠎ᠠ ᠨᠢᠭᠡᠴᠡ᠂ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠭᠠᠵᠠᠷ ᠵᠦᠢ ᠶᠢᠨ ᠪᠠᠶᠢᠷᠢᠰᠢᠯ ᠢ ᠦᠨᠳᠦᠰᠦᠯᠡᠨ᠂ 38 ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠵᠤ᠂ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ᠂ ᠬᠠᠮᠲᠤ ᠪᠠᠷ ᠪᠠᠶᠢᠭᠤᠯᠬᠤ ᠨᠢᠭᠡᠴᠡ᠂ ᠠᠳᠠᠯ ᠠᠬᠤᠢ ᠶᠢᠨ ᠠᠵᠤ ᠠᠬᠤᠶᠢᠯᠠᠯ᠂ ᠰᠠᠶᠢᠨ ᠳᠤᠷ᠎ᠠ ᠶᠢᠨ ᠠᠵᠢᠯᠯᠠᠭᠴᠢ᠂ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠪᠠ ᠬᠤᠲᠠ ᠶᠢᠨ ᠠᠷᠠᠳ ᠣᠯᠠᠨ ᠲᠦᠮᠡᠨ ᠢ ᠴᠠᠰᠤ ᠠᠷᠢᠯᠭᠠᠬᠤ ᠠᠵᠢᠯᠯᠠᠭ᠎ᠠ ᠶᠢ ᠬᠠᠮᠲᠤ ᠪᠠᠷ ᠥᠷᠨᠢᠭᠦᠯᠵᠦ᠂ ᠣᠯᠠᠨ ᠲᠦᠮᠡᠨ ᠤ ᠠᠮᠤᠷ ᠲᠦᠪᠰᠢᠨ ᠢᠶᠠᠷ ᠭᠠᠳᠠᠭᠰᠢ ᠭᠠᠷᠬᠤ︽ᠬᠠᠮᠠᠭᠠᠯᠠᠭᠴᠢ︾ ᠪᠣᠯᠬᠤ ᠶᠢ ᠤᠷᠢᠶᠠᠯᠠᠪᠠ᠃
    图片4.png  
图片5.png
      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠺᠠᠳ᠋ᠷ ᠪᠣᠯᠣᠨ ᠰᠠᠶᠢᠨ ᠳᠤᠷ᠎ᠠ ᠶᠢᠨ ᠦᠢᠯᠡᠴᠢᠯᠡᠭᠴᠢᠳ ᠨᠢᠭᠡᠳᠦᠭᠡᠷ ᠹᠷᠣᠨᠲ ᠲᠤ ᠦᠳᠲᠡᠷ ᠲᠦᠷᠭᠡᠨ ᠭᠦᠨᠵᠡᠭᠡᠶᠢᠷᠡᠵᠦ᠂ ᠤᠯᠠᠨ ᠲᠦᠮᠡᠨ ᠳᠤ ᠦᠢᠯᠡᠴᠢᠯᠡᠬᠦ᠂ ᠰᠠᠶᠢᠨ ᠳᠤᠷ᠎ᠠ ᠠᠴᠠ ᠪᠠᠨ ᠤᠷᠢᠳᠠᠪᠠᠷ ᠬᠡᠷᠡᠭᠵᠢᠭᠦᠯᠬᠦ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠲᠤᠪᠠᠷ ᠬᠠᠮᠵᠢᠯᠴᠠᠨ ︽ᠠᠷᠠᠳ ᠲᠤ ᠲᠦᠬᠦᠮ ᠦᠵᠡᠭᠦᠯᠬᠦ ᠵᠠᠮ︾ ᠭᠠᠷᠭᠠᠪᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠴᠠᠭ ᠠᠭᠤᠷ ᠤᠨ ᠬᠤᠪᠢᠷᠠᠯᠲᠠ ᠶᠢ ᠦᠷᠭᠦᠯᠵᠢᠯᠡᠨ  ᠠᠩᠬᠠᠷᠴᠤ᠂ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠳᠠᠶᠢᠴᠢᠯᠠᠵᠤ᠂ ᠵᠢᠵᠢᠭᠦᠷᠯᠡᠨ ᠰᠠᠬᠢᠬᠤ᠂ ᠤᠬᠠᠭᠤᠯᠤᠨ ᠬᠥᠲᠥᠯᠥᠨ ᠵᠢᠯᠤᠭᠤᠳᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠪᠠ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠬᠠᠮᠠᠭᠠᠯᠠᠨ᠎ᠠ᠃ ᠬᠠᠷᠢᠶ᠎ᠠ ᠣᠷᠣᠨ ᠤ ᠣᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ᠂ ᠰᠠᠨᠠᠭ᠎ᠠ ᠠᠮᠤᠷ ᠶᠠᠪᠤᠵᠤ ᠰᠠᠭᠤᠬᠤ ᠶᠢ ᠦᠨᠡᠨᠬᠦ ᠪᠠᠲᠤᠯᠠᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号