| | | | ᠵᠠᠯᠠᠭᠤᠴᠤᠳ ᠪᠠᠭᠠᠴᠤᠳ ᠢ ᠬᠠᠯᠠᠮᠵᠢᠯᠠᠨ ᠬᠠᠶᠢᠷᠠᠯᠠᠬᠤ ᠠᠵᠢᠯ ᠢ ᠤᠯᠠᠮ ᠰᠠᠶᠢᠲᠤᠷ ᠬᠢᠵᠦ᠂ ᠪᠣᠳᠠᠲᠤ | ᠠᠵᠢᠯᠯᠠᠭ᠎ᠠ ᠪᠠᠷ ᠢᠶᠠᠨ ᠬᠦᠴᠢᠷᠳᠡᠯ ᠳᠤ ᠲᠤᠯᠭᠠᠷᠠᠭᠰᠠᠨ ᠵᠠᠯᠠᠭᠤᠴᠤᠳ ᠪᠠᠭᠠᠴᠤᠳ ᠲᠤ ᠨᠠᠩ ᠰᠠᠶᠢᠲᠤᠷ | ᠦᠢᠯᠡᠴᠢᠯᠡᠬᠦ ᠶᠢᠨ ᠲᠥᠯᠥᠭᠡ᠂ ᠲᠦᠷᠦᠭᠦᠬᠡᠨ ᠭᠦᠭᠡᠬᠤᠳᠠ ᠶᠢᠨ ᠡᠪᠯᠡᠯ ᠤᠨ ᠬᠤᠷᠢᠶ᠎ᠠ ᠲᠤᠮᠳᠠᠳᠤ ᠤᠯᠤᠰ ᠤᠨ | ᠪᠠᠷᠢᠯᠭ᠎ᠠ ᠭᠠᠷᠠᠮ ᠠᠭᠠᠷ ᠤᠨ ᠠᠶᠠᠯᠠᠯ ᠤᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠵᠢᠴᠢ ᠨᠡᠶᠢᠭᠡᠮ ᠤᠨ | ᠬᠠᠯᠠᠭᠤᠨ ᠰᠡᠳᠬᠢᠯᠲᠦ ᠬᠥᠮᠥᠰ ᠤᠨ ᠲᠥᠯᠥᠭᠡᠯᠡᠭᠴᠢᠳ ᠲᠠᠢ ᠭᠠᠷ ᠬᠤᠯᠪᠣᠯᠴᠠᠨ ᠭᠦᠭᠡᠬᠤᠳᠠ ᠶᠢᠨ ᠦᠴᠦᠸᠠᠨ | ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠳᠤ ᠬᠦᠷᠴᠦ᠂ 20 ᠠᠮᠢᠳᠤᠷᠠᠯ ᠬᠦᠴᠢᠷᠳᠡᠯᠲᠡᠢ ᠵᠠᠯᠠᠭᠤᠴᠤᠳ | ᠪᠠᠭᠠᠴᠤᠳ ᠤᠨ ︽ᠪᠢᠴᠢᠯ ᠬᠦᠰᠡᠯ︾ ᠢ ᠪᠡᠶᠡᠯᠡᠭᠦᠯᠪᠡ᠃ ᠴᠠᠭᠢᠯᠭᠠᠨ ᠬᠦᠷᠳᠦᠲᠦ ᠰᠠᠨᠳᠠᠯᠢ᠂ ᠪᠢᠴᠢᠭ ᠤᠨ ᠰᠢᠷᠡᠭᠡ᠂ ᠨᠢᠭᠡ | ᠢᠵᠢ ᠬᠢᠴᠢᠶᠡᠯ ᠤᠨ ᠭᠠᠳᠠᠨᠠᠬᠢ ᠤᠩᠰᠢᠬᠤ ᠨᠣᠮ᠂ ᠨᠢᠭᠡ ᠪᠠᠭᠤᠤ ᠴᠠᠭ᠂ ᠨᠢᠭᠡ ᠬᠤᠣᠰ ᠬᠥᠯ ᠪᠥᠮᠪᠥᠭᠡᠨ ᠱᠠᠬᠠᠢ ᠁ | ᠬᠠᠶᠢᠷ᠎ᠠ ᠪᠢᠯᠬᠠᠭᠰᠠᠨ ᠡᠳ᠋ ᠪᠣᠳᠠᠰ ᠨᠢ ᠬᠡᠦᠬᠡᠳ ᠤᠳ ᠤᠨ ᠥᠴᠥᠬᠡᠨ ᠬᠦᠰᠡᠯ ᠤᠨ ᠪᠡᠶᠡᠯᠡᠭᠳᠡᠯ ᠪᠣᠯᠵᠤ᠂ ᠲᠡᠳᠡᠨ ᠤ | ᠴᠢᠷᠠᠢ ᠳᠤ ᠵᠣᠯ ᠵᠢᠷᠭᠠᠯ ᠤᠨ ᠢᠨᠢᠶᠡᠮᠰᠦᠭᠯᠡᠯ ᠲᠣᠳᠣᠷᠠᠨ᠎ᠠ᠃ ᠬᠦᠴᠢᠷᠳᠡᠯᠲᠡᠢ ᠵᠠᠯᠠᠭᠤᠴᠤᠳ ᠪᠠᠭᠠᠴᠤᠳ ᠤᠨ ︽ᠪᠢᠴᠢᠯ | ᠬᠦᠰᠡᠯ ᠢ ᠪᠡᠶᠡᠯᠡᠭᠦᠯᠬᠦ︾ ᠠᠵᠢᠯᠯᠠᠭ᠎ᠠ ᠪᠣᠯ ᠭᠦᠭᠡᠬᠤᠳᠠ ᠶᠢᠨ ᠡᠪᠯᠡᠯ ᠤᠨ ᠬᠤᠷᠢᠶ᠎ᠠ ᠠᠴᠠ ᠵᠣᠬᠢᠶᠠᠨ ᠪᠠᠶᠢᠭᠤᠯᠤᠭᠰᠠᠨ | ᠵᠠᠯᠠᠭᠤᠴᠤᠳ ᠪᠠᠭᠠᠴᠤᠳ ᠢ ᠬᠠᠯᠠᠮᠵᠢᠯᠠᠨ ᠬᠠᠶᠢᠷᠠᠯᠠᠬᠤ ᠨᠡᠶᠢᠲᠡ ᠶᠢᠨ ᠠᠰᠠᠷᠠᠮᠵᠢ ᠶᠢᠨ ᠨᠡᠷᠡᠲᠦ ᠲᠦᠷᠦᠯ ᠲᠡᠮᠳᠡᠭ | ᠪᠣᠯᠣᠨ᠎ᠠ᠃ ᠲᠡᠷᠡ ᠨᠢ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠨᠡᠶᠢᠭᠡᠮ ᠤᠨ ᠡᠯ᠎ᠡ ᠲᠦᠷᠦᠯ ᠤᠨ ᠡᠬᠢ ᠪᠠᠶᠠᠯᠢᠭ ᠢ ᠨᠡᠶᠢᠳᠬᠡᠵᠦ᠂ ᠵᠠᠯᠠᠭᠤᠴᠤᠳ | ᠪᠠᠭᠠᠴᠤᠳ ᠢ ᠬᠠᠪᠰᠤᠷᠤᠨ ᠪᠠᠭ᠎ᠠ ᠬᠦᠴᠢᠷᠳᠡᠯ ᠢ ᠨᠢ ᠰᠢᠢᠳᠪᠦᠷᠢᠯᠡᠨ᠂ ᠪᠠᠭ᠎ᠠ ᠬᠡᠷᠡᠭᠴᠡᠭᠡ ᠶᠢ ᠨᠢ ᠬᠠᠩᠭᠠᠵᠤ᠂ ᠪᠠᠭ᠎ᠠ | ᠬᠦᠰᠡᠯ ᠢ ᠨᠢ ᠲᠡᠷᠭᠡᠯᠰᠢᠭᠦᠯᠵᠦ᠂ ᠶᠡᠭᠡ ᠵᠡᠭᠦᠳᠦ ᠶᠢ ᠨᠢ ᠲᠡᠷᠭᠡᠯᠰᠢᠭᠦᠯᠬᠦ ᠪᠠᠷ ᠭᠤᠣᠯ ᠵᠣᠷᠢᠯᠲᠠ ᠪᠠᠨ ᠪᠣᠯᠭᠠᠪᠠ᠃ ᠲᠤᠰ | ᠲᠦᠷᠦᠯ ᠵᠦᠢᠯ ᠢ ᠬᠡᠷᠡᠭᠵᠢᠭᠦᠯᠦᠭᠰᠡᠨ ᠨᠢᠭᠡ ᠵᠢᠯ ᠤᠨ ᠲᠤᠷᠰᠢ᠂ ᠬᠠᠯᠠᠭᠤᠨ ᠰᠡᠳᠬᠢᠯᠲᠦ ᠠᠵᠤ ᠠᠬᠤᠶᠢᠯᠠᠯ ᠪᠠ | ᠨᠡᠶᠢᠭᠡᠮ ᠤᠨ ᠡᠯ᠎ᠡ ᠡᠲᠡᠭᠡᠳ ᠤᠨ ᠬᠢᠨ ᠢ ᠵᠣᠬᠢᠴᠠᠭᠤᠯᠵᠤ 10 ᠲᠦᠮᠡ ᠭᠠᠷᠤᠢ ᠲᠥᠭᠦᠷᠢᠭ ᠴᠤᠭᠯᠠᠭᠤᠯᠤᠨ | ᠬᠦᠴᠢᠷᠳᠡᠯᠲᠡᠢ ᠵᠠᠯᠠᠭᠤᠴᠤᠳ ᠪᠠᠭᠠᠴᠤᠳ ᠤᠨ ︽ᠪᠢᠴᠢᠯ ᠬᠦᠰᠡᠯ︾ ᠢ ᠲᠡᠷᠭᠡᠯᠰᠢᠭᠦᠯᠪᠡ᠃ ᠡᠨᠡᠬᠦ ᠠᠵᠢᠯᠯᠠᠭ᠎ᠠ ᠨᠢ | ᠬᠡᠦᠬᠡᠳ ᠲᠤ ᠡᠳ᠋ ᠪᠣᠳᠠᠰ ᠤᠨ ᠲᠠᠯ᠎ᠠ ᠪᠠᠷ ᠬᠠᠯᠠᠮᠵᠢᠯᠠᠯ ᠬᠦᠷᠭᠡᠭᠰᠡᠨ ᠢᠶᠠᠷ ᠪᠠᠷᠠᠬᠤ ᠦᠭᠡᠢ᠂ ᠨᠠᠩ ᠴᠤ ᠣᠶᠤᠨ | ᠰᠠᠨᠠᠭᠠᠨ ᠤ ᠲᠠᠯ᠎ᠠ ᠶᠢᠨ ᠲᠠᠶᠢᠳᠬᠤᠷᠠᠭᠤᠯᠤᠯ ᠵᠣᠷᠢᠭᠵᠢᠭᠤᠯᠤᠯ ᠪᠣᠯᠵᠤ᠂ ᠢᠳᠡᠪᠬᠢᠲᠡᠢ ᠪᠠᠶᠠᠰᠤᠩᠭᠤᠢ | ᠠᠮᠢᠳᠤᠷᠠᠬᠤᠢ ᠶᠢᠨ ᠦᠵᠡᠯᠲᠡ ᠶᠢ ᠬᠥᠮᠥᠵᠢᠭᠦᠯᠪᠡ᠃ |