ᠬᠥᠭᠵᠢᠯᠲᠡ ᠶᠢᠨ ᠰᠢᠨ᠎ᠡ ᠴᠢᠨᠠᠷᠲᠠᠢ ᠦᠢᠯᠡᠳᠪᠦᠷᠢᠯᠡᠯ ᠤᠨ ᠬᠦᠴᠦᠨ ᠢ ᠰᠠᠶᠢᠲᠤᠷ ᠪᠣᠯᠪᠠᠰᠤᠷᠠᠭᠤᠯᠵᠤ ᠂ ᠺᠠᠲᠷ ᠤᠨ ᠠᠵᠤ ᠠᠬᠤᠢ ᠶᠢᠨ ᠠᠵᠢᠯ ᠤᠨ ᠴᠢᠳᠠᠪᠤᠷᠢ ᠶᠢ ᠴᠢᠩᠭᠠᠳᠭᠠᠶ᠎ᠠ
ᠨᠡᠶᠢᠲᠡᠯᠡᠭᠰᠡᠨ ᠴᠠᠭ᠄
2024/12/25
      ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯ ᠰᠢᠨ᠎ᠡ ᠬᠥᠭᠵᠢᠯᠲᠡ ᠳᠤ ᠨᠡᠶᠢᠴᠡᠭᠰᠡᠨ ᠲᠡᠷᠢᠭᠦᠨ ᠤ ᠦᠢᠯᠡᠳᠪᠦᠷᠢᠯᠡᠯ  ᠤᠨ ᠬᠦᠴᠦᠨ ᠤ ᠴᠢᠨᠠᠷ ᠮᠦᠨ᠃ ᠬᠥᠬᠡᠬᠤᠲᠠ ᠶᠢᠨ ᠰᠠᠶᠢᠬᠠᠨ ᠲᠣᠭᠤᠷᠢᠭ ︽ᠬᠤᠣᠰ ᠭᠠᠷᠠᠭ ᠤᠨ ᠲᠠᠶᠢᠯᠤᠮᠵᠢ︾ ᠪᠠᠷ ᠠᠴᠢᠶᠠᠯᠠᠪᠤᠷᠢ ᠪᠣᠯᠭᠠᠵᠤ᠂ ᠺᠠᠳ᠋ᠷ ᠤᠨ ᠡᠩᠨᠡᠭᠡ ᠶᠢᠨ ᠮᠡᠳᠡᠯᠭᠡ ᠶᠢᠨ ᠰᠢᠨᠡᠴᠢᠯᠡᠯᠲᠡ ᠶᠢ ᠲᠦᠷᠭᠡᠳᠬᠡᠨ᠂ ᠵᠢᠭᠠᠨ ᠰᠤᠷᠭᠠᠯᠲᠠ ᠶᠢᠨ ᠬᠡᠯᠪᠡᠷᠢ ᠶᠢᠨ ᠰᠢᠨ᠎ᠡ ᠶᠢ ᠡᠭᠦᠳᠬᠦ᠂ ᠪᠣᠯᠪᠠᠰᠤᠷᠠᠭᠤᠯᠠᠯ ᠤᠨ ᠬᠠᠮᠲᠤᠯᠢᠭ ᠢ ᠬᠠᠮᠤᠷᠬᠤ᠂ ᠰᠤᠷᠴᠤ ᠬᠡᠷᠡᠭᠯᠡᠬᠦ ᠶᠢ ᠨᠠᠷᠢᠯᠢᠭ ᠣᠨᠣᠴᠠᠲᠠᠢ ᠪᠠᠷ ᠤᠶᠠᠯᠳᠤᠭᠤᠯᠬᠤ ᠭᠤᠷᠪᠠᠨ ᠭᠤᠣᠯᠳᠠᠯᠭ᠎ᠠ ᠶᠢ ᠰᠠᠶᠢᠲᠤᠷ ᠠᠳᠬᠤᠵᠤ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠦᠲᠦᠭᠡᠨ ᠪᠠᠶᠢᠭᠤᠯᠵᠤ᠂ ᠰᠠᠶᠢᠬᠠᠨ ᠲᠣᠭᠤᠷᠢᠭ ᠲᠤ ︽ᠳᠥᠷᠪᠡᠨ ᠮᠢᠩᠭᠠᠨ ᠳ᠋ᠦᠩᠰᠢᠭᠤᠷ᠂ ᠲᠠᠪᠤᠨ ᠨᠢᠭᠡᠳᠦᠭᠡᠷ︾ ᠤᠨ ᠬᠥᠭᠵᠢᠯᠲᠡ ᠶᠢᠨ ᠬᠠᠷᠠᠯᠲᠠ ᠶᠢᠨ ︽ᠬᠤᠷᠳᠤᠴᠠ ᠶᠢ ᠲᠦᠷᠭᠡᠳᠬᠡᠬᠦ︾ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃
图片6.png
     ᠵᠢᠭᠠᠨ ᠰᠤᠷᠭᠠᠯᠲᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠤᠨᠤᠯ ᠤᠨ ᠰᠤᠷᠤᠯᠴᠠᠯᠭ᠎ᠠ ᠶᠢ ︽ᠠᠮᠢᠳᠤᠯᠢᠭ ᠪᠣᠯᠭᠠᠬᠤ︾ ᠶᠢ ᠦᠨᠡᠨ ᠬᠦ ᠪᠠᠲᠤᠯᠠᠪᠠ᠃ ᠰᠠᠶᠢᠬᠠᠨ ᠲᠣᠭᠤᠷᠢᠭ ︽ᠶᠠᠭᠤ ᠳᠤᠲᠠᠪᠠᠯ ᠶᠠᠭᠤ ᠶᠢ ᠰᠤᠷᠬᠤ᠂ ᠶᠠᠭᠤ ᠳᠤᠲᠠᠪᠠᠯ ᠶᠠᠭᠤ ᠶᠢ ᠨᠥᠬᠦᠪᠦᠷᠢᠯᠡᠬᠦ︾ ᠵᠠᠷᠴᠢᠮ ᠤᠨ ᠲᠣᠭᠤᠷᠢᠨ ᠳᠤ᠂ ᠪᠥᠬᠦ ᠵᠢᠯ ᠤᠨ ᠪᠣᠯᠪᠠᠰᠤᠷᠠᠭᠤᠯᠠᠯ ᠤᠨ ᠲᠥᠯᠥᠪᠯᠡᠭᠡ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠤᠰᠬᠠᠢ ᠰᠡᠳᠦᠪᠲᠦ ᠲᠠᠶᠢᠯᠤᠮᠵᠢ᠂ ᠬᠡᠷᠡᠭ ᠤᠨ ᠵᠢᠱᠢᠶ᠎ᠡ ᠶᠢᠨ ᠵᠢᠭᠠᠨ ᠰᠤᠷᠭᠠᠯᠲᠠ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠵᠡᠷᠭᠡ ᠣᠯᠠᠨ ᠵᠦᠢᠯ ᠤᠨ ᠵᠢᠭᠠᠨ ᠰᠤᠷᠭᠠᠯᠲᠠ ᠶᠢᠨ ᠬᠡᠯᠪᠡᠷᠢ ᠶᠢ ᠠᠪᠴᠤ᠂ ᠬᠢᠴᠢᠶᠡᠯ ᠤᠨ ᠲᠤᠰᠬᠠᠢ ᠮᠡᠷᠭᠡᠵᠢᠯ ᠤᠨ ᠴᠢᠨᠠᠷ᠂ ᠬᠠᠨᠳᠤᠯᠭᠠᠲᠤ ᠴᠢᠨᠠᠷ᠂ ᠡᠯᠪᠡᠭ ᠪᠠᠶᠠᠯᠢᠭ ᠴᠢᠨᠠᠷ ᠢ ᠳᠣᠪᠤᠶᠢᠯᠭᠠᠪᠠ᠃ ᠰᠦᠯᠵᠢᠶᠡᠨ ᠭᠠᠳᠠᠨ᠎ᠠ ︽ᠬᠤᠣᠰ ᠭᠠᠷᠠᠭ ᠤᠨ ᠲᠠᠶᠢᠯᠤᠮᠵᠢ︾ ᠶᠢᠨ ᠠᠷᠭ᠎ᠠ ᠬᠡᠯᠪᠡᠷᠢ ᠶᠢ ᠠᠪᠴᠤ᠂ ᠰᠢᠨ᠎ᠡ ᠦᠵᠡᠯ ᠰᠠᠨᠠᠭ᠎ᠠ ᠰᠢᠨ᠎ᠡ ᠣᠶᠢᠯᠠᠭᠠᠭᠳᠠᠬᠤᠨ᠂ ᠰᠢᠨ᠎ᠡ ᠮᠡᠷᠭᠡᠵᠢᠯ ᠰᠢᠨ᠎ᠡ ᠠᠵᠤ ᠦᠢᠯᠡᠰ᠂ ᠰᠢᠨ᠎ᠡ ᠪᠠᠶᠢᠳᠠᠯ ᠰᠢᠨ᠎ᠡ ᠠᠷᠭ᠎ᠠ ᠵᠡᠷᠭᠡ ᠭᠤᠷᠪᠠᠨ ᠲᠠᠯ᠎ᠠ ᠶᠢᠨ ᠨᠠᠢᠮᠠᠨ ᠲᠤᠰᠬᠠᠢ ᠰᠡᠳᠦᠪ ᠢ ᠪᠠᠶᠢᠷᠢᠯᠠᠭᠤᠯᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠲᠠᠶᠢᠯᠪᠤᠷᠢᠯᠠᠪᠠ᠃ ︽ᠬᠤᠳᠠᠯᠳᠤᠭ᠎ᠠ ᠰᠠᠨᠰᠠᠷ ᠤᠨ ᠠᠶᠠᠯᠠᠯ ᠤᠨ ᠠᠵᠤ ᠦᠢᠯᠡᠰ  ᠤᠨ ᠲᠠᠨᠢᠯᠴᠠᠭᠤᠯᠭ᠎ᠠ︾᠂︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠣᠨ ᠡᠷᠴᠢᠮ ᠬᠦᠴᠦᠨ ᠤ ᠪᠠᠶᠢᠷᠢᠰᠢᠯ︾ ᠁ ᠤᠯᠤᠰ ᠤᠨ ᠳᠣᠲᠣᠭᠠᠳᠤ ᠶᠢᠨ ᠨᠠᠷᠠᠲᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ ᠲᠤᠰᠬᠠᠢ ᠮᠡᠷᠭᠡᠵᠢᠯᠲᠡᠨ ᠡᠷᠳᠡᠮᠲᠡᠨ ᠪᠠ ᠠᠵᠤ ᠠᠬᠤᠶᠢᠯᠠᠯᠲᠠᠳ ᠪᠣᠳᠣᠯᠬᠢᠯᠠᠨ᠂ ᠣᠶᠢᠯᠠᠭᠠᠬᠤ ᠲᠥᠷᠥᠭᠳᠡᠯ ᠢᠶᠠᠨ ᠦᠢᠯᠡᠳᠦᠯᠭᠡᠵᠢᠭᠦᠯᠵᠦ᠂ ᠣᠯᠠᠨ ᠲᠠᠢ ᠬᠠᠮᠲᠤ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ︽ᠠᠷᠭ᠎ᠠ ᠶᠢᠨ ᠣᠨᠣᠯ︾ ᠢ ᠬᠤᠪᠢᠶᠠᠯᠴᠠᠪᠠ᠃           ᠪᠣᠯᠪᠠᠰᠤᠷᠠᠯ ᠤᠨ ᠬᠠᠮᠲᠤᠯᠢᠭ ᠢ ᠴᠢᠩᠭ᠎ᠠ ᠠᠩᠬᠠᠷᠴᠤ᠂ ᠺᠠᠳ᠋ᠷ ᠤᠨ ᠡᠩᠨᠡᠭᠡ ᠶᠢᠨ ︽ᠰᠤᠷᠤᠯᠴᠠᠬᠤ︾ ᠶᠢ ᠦᠨᠡᠨ ᠬᠦ ᠪᠠᠲᠤᠯᠠᠨ᠎ᠠ᠃ ᠰᠠᠶᠢᠬᠠᠨ ᠲᠣᠭᠤᠷᠢᠭ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠲᠤᠰᠬᠠᠢ ᠰᠡᠳᠦᠪᠲᠦ ᠪᠣᠯᠪᠠᠰᠤᠷᠠᠯ ᠤᠨ ᠯᠧᠺᠲ᠋ᠣᠷ ᠪᠣᠯᠣᠨ ᠡᠲᠡᠭᠡᠳ ᠤᠨ ᠰᠣᠩᠭᠤᠯᠲᠠ ᠶᠢ ᠴᠢᠬᠤᠯᠠᠴᠢᠯᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠢ ᠪᠠᠲᠤᠯᠠᠵᠤ᠂ ᠺᠠᠳ᠋ᠷᠴᠤᠳ ᠢ ᠭᠦᠨᠵᠡᠭᠡᠢ ᠰᠣᠨᠣᠰᠴᠤ᠂ ᠭᠦᠨᠵᠡᠭᠡᠢ ᠰᠤᠷᠴᠤ᠂ ᠰᠠᠶᠢᠲᠤᠷ ᠬᠡᠷᠡᠭᠯᠡᠬᠦ ᠬᠡᠷᠡᠭᠲᠡᠢ᠃ ᠬᠤᠣᠰ ᠭᠠᠷᠠᠭ ᠤᠨ ᠲᠠᠶᠢᠯᠤᠮᠵᠢ ᠨᠢ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ᠂ ᠫᠷᠤᠹᠧᠰᠰᠤᠷ ᠲᠤᠰᠬᠠᠢ ᠮᠡᠷᠭᠡᠵᠢᠯᠲᠡᠨ᠂ ᠮᠡᠷᠭᠡᠵᠢᠯ ᠤᠨ ᠭᠤᠣᠯᠯᠠᠭᠴᠢ ᠬᠦᠴᠦᠨ ᠢ ᠭᠤᠣᠯᠳᠠᠯᠭ᠎ᠠ ᠲᠠᠢ ᠤᠷᠢᠵᠤ ᠬᠢᠴᠢᠶᠡᠯ ᠣᠷᠣᠭᠤᠯᠬᠤ ᠪᠠᠷ ᠢᠷᠡᠭᠦᠯᠵᠦ᠂ ᠬᠢᠴᠢᠶᠡᠯ ᠲᠦᠷᠦᠯ ᠢ ᠨᠠᠷᠢᠨ ᠨᠢᠮᠪᠠᠢ ᠲᠥᠯᠥᠪᠵᠢᠭᠦᠯᠦᠨ ᠲᠥᠯᠥᠪᠯᠡᠵᠦ᠂ ᠪᠣᠯᠪᠠᠰᠤᠷᠠᠭᠤᠯᠤᠯ ᠤᠨ ᠡᠲᠡᠭᠡᠳ ᠢ ᠦᠨᠡᠨ ᠬᠦ ᠣᠯᠣᠯᠲᠠ ᠲᠠᠢ ᠪᠣᠯᠭᠠᠪᠠ᠃ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠲᠠᠨᠢᠯᠴᠠᠭᠤᠯᠬᠤ ᠳᠠᠭᠠᠨ᠂ ︽ᠲᠤᠰᠢᠶᠠᠯ ᠬᠠᠷᠢᠭᠤᠴᠠᠯᠭ᠎ᠠ ᠪᠠᠨ ᠣᠨᠣᠪᠴᠢᠲᠠᠶ ᠪᠥᠭᠡᠳ ᠪᠦᠲᠦᠮᠵᠢᠲᠡᠶ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠪᠥᠬᠦ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠢ ᠬᠥᠮᠥᠵᠢᠭᠦᠯᠵᠦ ᠥᠭᠬᠦ ᠶᠢ ᠪᠢᠳᠡ ᠬᠦᠰᠡᠵᠦ ᠪᠠᠶᠢᠨ᠎ᠠ︾ ᠭᠡᠵᠡᠢ᠃           ᠰᠣᠷᠣᠭᠰᠠᠨ ᠢᠶᠠᠨ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢᠨ ︽ᠠᠵᠢᠯᠯᠠᠬᠤ︾ ᠶᠢ ᠦᠨᠡᠨ ᠬᠦ ᠪᠠᠲᠤᠯᠠᠬᠤ ᠬᠡᠷᠡᠭᠲᠡᠢ᠃ ᠰᠠᠶᠢᠬᠠᠨ ᠲᠣᠭᠤᠷᠢᠭ ᠠᠵᠢᠯᠯᠠᠬᠤ ᠪᠠᠷ ᠶᠣᠰᠣ ᠮᠣᠷᠠᠯ ᠢ ᠠᠬᠢᠭᠤᠯᠬᠤ᠂ ᠪᠣᠯᠪᠠᠰᠤᠷᠠᠯ ᠢᠶᠠᠷ ᠠᠵᠢᠯᠯᠠᠬᠤ ᠶᠢ ᠠᠬᠢᠭᠤᠯᠬᠤ᠂ ᠪᠣᠳᠠᠲᠤ ᠦᠷ᠎ᠡ ᠪᠦᠲᠦᠮᠵᠢ ᠶᠢ ᠪᠠᠳᠠᠷᠠᠭᠤᠯᠬᠤ ᠺᠠᠲᠷ ᠤᠨ ᠬᠥᠮᠦᠵᠢᠯ ᠪᠣᠯᠪᠠᠰᠤᠷᠠᠯ ᠤᠨ ᠵᠠᠷᠴᠢᠮ ᠢ ᠪᠠᠷᠢᠮᠲᠠᠯᠠᠵᠤ᠂︽ᠬᠤᠣᠰ ᠭᠠᠷᠠᠭ ᠤᠨ ᠲᠠᠶᠢᠯᠤᠮᠵᠢ︾  ᠪᠠᠷ ᠡᠬᠢᠯᠡᠯᠲᠡ ᠪᠣᠯᠭᠠᠵᠤ᠂︽ᠣᠶᠤᠨ ᠤᠬᠠᠭᠠᠨ ᠤ ᠬᠥᠮᠥᠷᠭᠡ︾  ᠶᠢ︽ᠦᠢᠯᠡᠳᠦᠯᠭᠡ ᠶᠢᠨ ᠵᠠᠮ︾  ᠳᠤ ᠬᠡᠷᠡᠭᠯᠡᠨ᠎ᠡ ᠃ ᠪᠣᠳᠠᠲᠤ ᠳᠠᠶᠢᠨ ᠤ ᠪᠣᠳᠠᠲᠤ ᠦᠷ᠎ᠡ ᠪᠦᠲᠦᠮᠵᠢ ᠶᠢ ᠳᠣᠪᠤᠶᠢᠯᠭᠠᠬᠤ ᠶᠢᠨ ᠲᠥᠯᠥᠭᠡ᠂ ᠲᠤᠰᠬᠠᠢ ᠰᠡᠳᠦᠪᠲᠦ ᠪᠣᠯᠪᠠᠰᠤᠷᠠᠯ ᠨᠢ ᠭᠤᠣᠯ ᠰᠡᠳᠦᠪᠲᠦ ᠮᠡᠳᠡᠭᠦᠯᠦᠯᠲᠡ᠂ ᠬᠡᠷᠡᠭ ᠤᠨ ᠵᠢᠱᠢᠶ᠎ᠡ ᠶᠢ ᠬᠤᠪᠢᠶᠠᠯᠴᠠᠬᠤ ᠠᠴᠠ ᠭᠠᠳᠠᠨ᠎ᠠ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠰᠠᠨᠰᠠᠷ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠵᠡᠷᠭᠡ ᠭᠠᠵᠠᠷ ᠲᠤ ᠬᠦᠷᠴᠦ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠦᠢᠯᠡᠴᠢᠯᠡᠭᠡᠨ ᠤ ᠨᠢᠭᠡᠳᠦᠭᠡᠷ ᠹᠷᠣᠨᠲ᠂ ︽ᠬᠤᠶᠠᠷ ᠢ ᠡᠯᠰᠡᠵᠦ ᠬᠤᠶᠠᠷ ᠢ ᠲᠠᠲᠠᠬᠤ︾ ᠨᠢᠭᠡᠳᠦᠭᠡᠷ ᠹᠷᠣᠨᠲ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢᠭᠡᠳᠦᠭᠡᠷ ᠹᠷᠣᠨᠲ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠬᠦᠷᠴᠦ ᠪᠡᠶᠡᠴᠢᠯᠡᠨ ᠣᠶᠢᠯᠠᠭᠠᠬᠤ ᠮᠠᠶ᠋ᠢᠭ ᠤᠨ ᠪᠠᠶᠢᠴᠠᠭᠠᠨ ᠰᠤᠳᠤᠯᠤᠯᠲᠠ ᠬᠢᠵᠦ᠂ ᠦᠨᠡᠨ ᠪᠠᠶᠢᠴᠠᠭᠠᠨ ᠰᠤᠳᠤᠯᠤᠯᠲᠠ ᠶᠢᠨ ᠠᠰᠠᠭᠤᠳᠠᠯ᠂ ᠦᠨᠡᠨ ᠠᠰᠠᠭᠤᠳᠠᠯ ᠤᠨ ᠳᠤᠮᠳᠠ ᠠᠵᠤ ᠠᠬᠤᠢ ᠶᠢᠨ ᠬᠡᠷᠡᠭ ᠶᠠᠪᠤᠳᠠᠯ ᠢ ᠬᠠᠮᠢᠶᠠᠷᠬᠤ᠂ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠪᠣᠯᠪᠠᠰᠤᠷᠠᠯ ᠳᠤ ᠣᠷᠣᠯᠴᠠᠭᠰᠠᠨ ᠺᠠᠳ᠋ᠷᠴᠤᠳ ᠥᠪᠡᠷ ᠤᠨ ᠪᠣᠳᠠᠲᠠᠢ ᠠᠵᠢᠯ ᠲᠠᠢ ᠪᠠᠨ ᠤᠶᠠᠯᠳᠤᠭᠤᠯᠤᠨ᠂ ᠦᠨᠡᠨ ᠮᠡᠳᠡᠯᠭᠡ ᠨᠡᠪᠲᠡᠷᠬᠡᠢ ᠦᠵᠡᠯᠲᠡ ᠪᠠᠨ ᠨᠡᠶᠢᠲᠡᠯᠡᠵᠦ᠂ ᠦᠨᠡᠨ ᠪᠣᠳᠠᠲᠠᠢ ᠠᠷᠭ᠎ᠠ ᠬᠡᠮᠵᠢᠶ᠎ᠡ ᠳᠤᠷᠠᠳᠤᠨ ᠭᠠᠷᠭᠠᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨ ᠬᠦ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠬᠤ ᠳᠤ ᠬᠡᠷᠡᠭᠯᠡᠬᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠠᠶᠢᠬᠠᠨ ᠲᠣᠭᠤᠷᠢᠭ ᠤᠨ ᠰᠢᠨ᠎ᠡ ᠦᠢᠯᠡᠳᠦᠯᠭᠡ ᠳᠤᠮᠳᠠ ᠬᠡᠷᠡᠭᠯᠡᠬᠦ ᠬᠡᠷᠡᠭᠲᠡᠢ ᠭᠡᠵᠡᠢ᠃           ᠢᠷᠡᠯᠲᠡ᠄   ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号