ᠡᠨᠡ ᠳᠡᠭᠡᠳᠦ ᠰᠤᠷᠭᠠᠭᠤᠯᠢ ᠶᠢᠨ ᠨᠡᠷ᠎ᠡ ᠶᠢ ᠬᠠᠯᠠᠬᠤ ᠪᠠᠷ ᠪᠤᠢ
ᠨᠡᠶᠢᠲᠡᠯᠡᠭᠰᠡᠨ ᠴᠠᠭ᠄
2024/12/25
      ︽ᠰᠢᠨ᠎ᠡ ᠪᠠᠶᠢᠳᠠᠯ ᠳᠣᠣᠷᠠᠬᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠠᠮᠤᠷ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾ ( ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠠᠷᠬᠠᠭᠠᠭᠰᠠᠨ [ 2021 ] 11 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠠᠮᠤᠷ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠳᠦᠷᠢᠮ ︵ᠲᠤᠷᠰᠢᠨ ᠬᠡᠷᠡᠭᠵᠢᠭᠦᠯᠬᠦ︶︾ (ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠲᠠᠷᠬᠠᠭᠠᠭᠰᠠᠨ [ 2016 ] 1 ᠳ᠋ᠦ᠋ᠭᠡᠷ ᠲᠣᠭᠠᠲᠤ ) ᠵᠢᠴᠢ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠠᠮᠤᠷ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠲᠠᠷᠬᠠᠭᠠᠭᠰᠠᠨ [ 2021 ] 7 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠨᠡᠷ᠎ᠡ ᠶᠢ ᠤᠯᠠᠭᠠᠨᠬᠠᠳᠠ ᠶᠡᠭᠡ ᠰᠤᠷᠭᠠᠭᠤᠯᠢ ᠭᠡᠵᠦ ᠬᠠᠯᠠᠬᠤ ᠵᠦᠢᠯᠡᠰ ᠢ ᠵᠠᠷᠯᠠᠨ ᠨᠡᠶᠢᠲᠡᠯᠡᠵᠡᠢ᠃      ᠵᠠᠷᠯᠠᠨ ᠨᠡᠶᠢᠲᠡᠯᠡᠬᠦ ᠬᠤᠭᠤᠴᠠᠭᠠᠨ ᠳᠤ ᠤᠯᠠᠨ ᠲᠦᠮᠡᠨ ᠤ ᠰᠠᠨᠠᠯ ᠳᠡᠪᠰᠢᠭᠦᠯᠭᠡ ᠶᠢ ᠬᠤᠷᠢᠶᠠᠵᠤ ᠪᠠᠶᠢᠨ᠎ᠠ᠃ ᠰᠠᠨᠠᠯ ᠳᠡᠪᠰᠢᠭᠦᠯᠬᠦ ᠬᠥᠮᠥᠰ ᠪᠢᠴᠢᠭ ᠤᠨ ᠭᠡᠯᠪᠡᠷᠢ ᠪᠠᠷ ᠪᠤᠶᠤ ᠢᠮᠧᠯ᠂ ᠤᠲᠠᠰᠤ ᠵᠡᠷᠭᠡ ᠭᠡᠯᠪᠡᠷᠢ ᠪᠠᠷ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠢ ᠪᠤᠶᠤ ᠦᠨᠡᠯᠡᠨ ᠵᠢᠱᠢᠯᠲᠡ ᠶᠢᠨ ᠭᠤᠣᠯ ᠴᠣᠭᠴᠠ ᠳᠤ ᠰᠠᠨᠠᠯ ᠢᠶᠠᠨ ᠲᠤᠰᠬᠠᠵᠤ ᠪᠣᠯᠣᠨ᠎ᠠ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ ᠨᠡᠶᠢᠲᠡᠯᠡᠭᠰᠡᠨ ᠡᠳᠦᠷ ᠠᠴᠠ ᠡᠬᠢᠯᠡᠭᠡᠳ 15 ᠡᠳᠦᠷ ᠤᠨ ᠬᠤᠭᠤᠴᠠᠭ᠎ᠠ ᠲᠠᠢ᠃      (1) ᠦᠨᠡᠯᠡᠨ ᠵᠢᠱᠢᠯᠲᠡ ᠶᠢᠨ ᠭᠤᠣᠯ ᠴᠣᠭᠴᠠ      ᠬᠠᠷᠢᠯᠴᠠᠬᠤ ᠬᠥᠮᠥᠨ᠄ ᠾᠥᠸᠧ ᡁᠢ ᠾᠦᠢ      ᠬᠠᠷᠢᠯᠴᠠᠬᠤ ᠤᠲᠠᠰᠤ᠄ 0476–8300023      ᠢᠮᠧᠯ᠄ bgs@cfxy.edu.cn      (2) ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠢ      ᠬᠠᠷᠢᠯᠴᠠᠬᠤ ᠬᠥᠮᠥᠨ᠄ ᠯᠢᠦ ᠳ᠋ᠧ ᠰᠢᠨ      ᠬᠠᠷᠢᠯᠴᠠᠬᠤ ᠤᠲᠠᠰᠤ᠄ 13789730147      ᠢᠮᠧᠯ᠄ yltx55@163.com      ᠢᠷᠡᠯᠲᠡ᠄ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠠᠯᠪᠠᠨ ᠰᠦᠯᠵᠢᠶ᠎ᠡ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号