ᠪᠦᠭᠦ ᠣᠷᠣᠨ ᠤ 3139 ᠬᠥᠮᠥᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠲᠤ ᠶᠢᠨ ᠨᠥᠬᠦᠪᠦᠷᠢ ᠶᠢ ᠭᠦᠷᠳᠡᠪᠡ
ᠨᠡᠶᠢᠲᠡᠯᠡᠭᠰᠡᠨ ᠴᠠᠭ᠄
2024/12/3
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠮᠠᠨ ᠤ ᠣᠷᠣᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠲᠤ ᠶᠢᠨ ᠨᠥᠬᠦᠪᠦᠷᠢ ᠶᠢᠨ ᠠᠵᠢᠯ ᠢ ᠶᠡᠭᠡ ᠪᠠᠷ ᠬᠡᠷᠡᠭᠵᠢᠭᠦᠯᠵᠦ᠂ ᠣᠯᠠᠨ ᠲᠦᠮᠡᠨ ᠳᠤ ᠪᠣᠳᠠᠲᠠᠢ ᠠᠰᠢᠭ ᠬᠦᠷᠲᠡᠭᠡᠪᠡ᠃ ᠣᠳᠣᠬᠠᠨ ᠪᠤᠯᠲᠠᠯ᠎ᠠ᠂ ᠪᠦᠭᠦ ᠣᠷᠣᠨ ᠤ 23 ᠬᠤᠰᠢᠭᠤ ᠰᠢᠶᠠᠨ ᠬᠤᠲᠠ ᠲᠣᠭᠤᠷᠢᠭ ᠤᠨ 105 ᠭᠠᠴᠠᠭ᠎ᠠ ᠲᠣᠰᠬᠤᠨ ᠳᠤ ᠬᠠᠮᠲᠤ ᠶᠢᠨ ᠨᠥᠬᠦᠪᠦᠷᠢ ᠶᠢᠨ ᠠᠵᠢᠯ ᠢ ᠥᠷᠨᠢᠭᠦᠯᠵᠦ᠂ ᠬᠠᠮᠲᠤ ᠶᠢᠨ ᠨᠥᠬᠦᠪᠦᠷᠢ ᠭᠥᠷᠳᠡᠭᠰᠡᠨ ᠬᠥᠮᠥᠨ ᠤ ᠲᠤᠭ᠎ᠠ 3139 ᠳᠤ ᠬᠦᠷᠴᠦ᠂ ᠨᠥᠬᠦᠪᠦᠷᠢ ᠶᠢᠨ ᠵᠣᠭᠤᠰ ᠤᠨ ᠲᠤᠭ᠎ᠠ 31.46 ᠲᠦᠮᠡᠨ ᠲᠥᠭᠦᠷᠢᠭ ᠲᠤ ᠬᠦᠷᠴᠡᠢ᠃ᠣᠶᠢᠯᠠᠭᠠᠭᠰᠠᠨ ᠢᠶᠠᠷ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ  ᠶᠢᠨ ᠳᠠᠭᠠᠳᠬᠠᠯ ᠤᠨ ᠬᠠᠮᠲᠤ ᠶᠢᠨ ᠨᠥᠬᠦᠪᠦᠷᠢ ᠶᠢᠨ ᠠᠵᠢᠯ ᠢ ᠠᠬᠢᠭᠤᠯᠬᠤ ᠶᠢ ᠠᠷᠠᠳ ᠣᠯᠠᠨ ᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠪᠦᠭᠦ ᠣᠷᠣᠨ ᠤ ᠡᠯ᠎ᠡ ᠠᠶᠢᠮᠠᠭ ᠬᠤᠲᠠ ᠶᠢ ︽ᠴᠢᠳᠠᠯ ᠤᠨ ᠢᠶᠠᠨ ᠬᠢᠷᠢ ᠪᠠᠷ ᠬᠢᠭᠰᠡᠨ︾ ᠰᠠᠭᠤᠷᠢᠨ ᠳᠡᠭᠡᠷ᠎ᠡ᠂ ᠨᠢᠭᠡ ᠬᠤᠰᠢᠭᠤ ᠰᠢᠶᠠᠨ ᠤ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢ ᠰᠣᠩᠭᠤᠵᠤ ᠬᠠᠮᠲᠤ ᠶᠢᠨ ᠨᠥᠬᠦᠪᠦᠷᠢ ᠶᠢᠨ ᠠᠵᠢᠯ ᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠳᠤ᠂ ᠣᠷᠳᠣᠰ ᠬᠤᠲᠠ ᠶᠢᠨ ᠭᠠᠭᠴᠠ ᠤᠳᠠᠭ᠎ᠠ ᠶᠢᠨ ᠨᠥᠬᠦᠪᠦᠷᠢ ᠮᠥᠩᠭᠦ ᠶᠢᠨ ᠲᠤᠭ᠎ᠠ  ᠨᠢ ᠬᠠᠮᠤᠭ ᠤᠨ ᠥᠨᠳᠥᠷ ᠲᠡᠭᠡᠨ 500 ᠲᠥᠭᠦᠷᠢᠭ ᠪᠠᠶᠢᠵᠤ᠂ ᠦᠬᠠᠢ ᠬᠤᠲᠠ ᠪᠤᠶ ᠪᠦᠬᠦᠢ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠪᠦᠷᠢᠨ ᠪᠦᠷᠬᠦᠭᠦᠯᠵᠦ᠂ ᠪᠤᠭᠤᠲᠤ ᠬᠤᠲᠠ ᠶᠢᠨ ᠬᠠᠮᠲᠤ ᠶᠢᠨ ᠨᠥᠬᠦᠪᠦᠷᠢ  ᠨᠢ 60 ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠬᠠᠮᠤᠷᠴᠤ᠂ ᠰᠢᠯᠢ ᠶᠢᠨ ᠭᠤᠣᠯ ᠠᠶᠢᠮᠠᠭ ᠨᠢ ᠬᠠᠮᠲᠤ ᠶᠢᠨ ᠨᠥᠬᠦᠪᠦᠷᠢ ᠢᠯᠡᠭᠦᠦ ᠲᠤᠰᠢᠶᠠᠪᠠᠯ ᠢᠯᠡᠭᠦᠦ ᠣᠯᠬᠤ ᠤᠷᠮᠠᠰᠢᠭᠤᠯᠬᠤ ᠲᠣᠭᠲᠠᠴᠠ ᠶᠢ ᠪᠠᠶᠢᠭᠤᠯᠪᠠ᠃      ᠮᠠᠨ ᠤ ᠣᠷᠣᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠲᠤ ᠶᠢᠨ ᠨᠥᠬᠦᠪᠦᠷᠢ ᠪᠠ ᠨᠡᠶᠢᠭᠡᠮ ᠤᠨ ᠡᠳ᠋ ᠮᠥᠩᠭᠦ ᠪᠠᠷ ᠲᠤᠰᠠᠯᠠᠬᠤ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠶᠠᠪᠤᠴᠠ᠂ ᠮᠡᠳᠡᠭᠡ ᠵᠠᠩᠭᠢ ᠶᠢᠨ ᠰᠢᠰᠲ᠋ᠧᠮ ᠤᠨ ᠥᠭᠡᠷᠡᠴᠢᠯᠡᠯᠲᠡ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ᠂ ᠱᠠᠯᠠᠪᠳᠠᠭᠤᠯᠤᠨ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠢᠷᠤᠮᠵᠢᠭᠤᠯᠬᠤ ᠪᠠᠷ ᠳᠠᠮᠵᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠲᠤ ᠶᠢᠨ ᠨᠥᠬᠦᠪᠦᠷᠢ ᠶᠢᠨ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠪᠠ᠃ ︽ᠬᠠᠮᠲᠤ ᠶᠢᠨ ᠨᠥᠬᠦᠪᠦᠷᠢ ᠨᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠᠷ ᠳᠠᠮᠵᠢᠨ ᠳᠠᠭᠠᠳᠬᠠᠯ ᠳᠤ ᠣᠷᠣᠯᠴᠠᠭᠰᠠᠳ ᠤᠨ ᠰᠦᠢᠳᠬᠡᠯ ᠲᠤᠰᠢᠶᠠᠬᠤ ᠳᠤ ᠨᠥᠬᠦᠪᠦᠷᠢ ᠥᠭᠴᠦ᠂ ᠣᠯᠠᠨ ᠲᠦᠮᠡᠨ ᠤ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠲᠦᠪᠰᠢᠨ ᠢ ᠳᠡᠭᠡᠭᠰᠢᠯᠡᠭᠦᠯᠭᠦ ᠶᠢᠨ ᠲᠥᠯᠥᠭᠡ ᠶᠤᠮ᠃ ᠣᠳᠣᠬᠠᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠲᠤ ᠶᠢᠨ ᠨᠥᠬᠦᠪᠦᠷᠢ ᠶᠢ ᠨᠢᠭᠡᠨᠲᠡ ᠪᠦᠭᠦ ᠣᠷᠣᠨ ᠳᠤ ᠬᠡᠷᠡᠭᠵᠢᠭᠦᠯᠵᠦ᠂ ᠡᠨᠡ ᠬᠦ ᠲᠥᠷᠥ ᠶᠢᠨ ᠪᠣᠳᠣᠯᠭ᠎ᠠ ᠨᠢ ᠣᠯᠠᠨ ᠲᠦᠮᠡᠨ ᠤ ᠬᠠᠷᠠᠭᠠᠯᠵᠠᠯ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠣᠯᠠᠨ ᠲᠦᠮᠡᠨ ᠤ ᠳᠠᠭᠠᠳᠬᠠᠯ ᠳᠤ ᠣᠷᠤᠯᠴᠠᠬᠤ ᠢᠳᠡᠪᠬᠢᠵᠢᠯ ᠢ ᠳᠡᠭᠡᠭᠰᠢᠯᠡᠭᠦᠯᠪᠡ︾ ᠭᠡᠵᠦ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠬᠡᠯᠡᠨ᠎ᠡ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号