| | | | ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠰᠤᠷᠤᠭᠴᠢᠳ ᠤᠨ | ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 25 ᠤ ᠡᠳᠦᠷ᠂ ᠰᠠᠶᠢᠬᠠᠨ | ᠲᠣᠭᠤᠷᠢᠭ ᠤᠨ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠤ ᠬᠤᠭᠤᠴᠠᠭᠠᠨ | ᠡᠴᠦᠰ ᠤᠨ ᠰᠤᠷᠤᠯᠭ᠎ᠠ ᠶᠢᠨ ᠬᠢᠷᠢ ᠲᠦᠪᠰᠢᠨ ᠢ ᠶᠡᠷᠦᠩᠬᠡᠶᠢᠯᠡᠨ ᠰᠢᠯᠭᠠᠨ ᠦᠨᠡᠯᠡᠵᠦ᠂ ᠰᠤᠷᠤᠭᠴᠢᠳ ᠢ ᠪᠠᠶᠠᠷ | ᠪᠠᠶᠠᠰᠬᠤᠯᠠᠩ ᠲᠠᠢ ᠣᠯᠠᠨ ᠡᠰᠢᠲᠦ ᠦᠨᠡᠯᠡᠯᠲᠡ ᠬᠢᠵᠦ᠂ ᠮᠡᠳᠡᠯᠭᠡ ᠰᠤᠷᠤᠯᠴᠠᠬᠤ ᠪᠠᠶᠠᠷ ᠪᠠᠭ᠋ᠠᠳᠤᠯ ᠢ ᠮᠡᠳᠡᠷᠡᠭᠦᠯᠪᠡ᠃ | | | | | | | | | | | | | | | | | ︽ᠲᠣᠰ ᠤᠳᠠᠭᠠᠨ ᠤ ᠠᠵᠢᠯᠯᠠᠭ᠎ᠠ ᠰᠢᠨ᠎ᠡ ᠰᠣᠷᠭᠤᠭ ᠪᠠᠶᠢᠵᠤ᠂ ᠪᠢᠷ ᠤᠨ ᠰᠢᠯᠭᠠᠯᠲᠠ ᠶᠢᠨ ᠬᠢᠵᠠᠭᠠᠷᠲᠤ | ᠴᠢᠨᠠᠷ ᠢ ᠰᠢᠪᠲᠤᠯᠵᠤ᠂ ᠰᠤᠷᠤᠭᠴᠢᠳ ᠢ ︿ᠨᠠᠭᠠᠳᠤᠮ ᠳᠤ ᠰᠢᠯᠭᠠᠯᠲᠠ﹀ ᠳᠤ ᠣᠷᠣᠯᠴᠠᠭᠤᠯᠵᠤ᠂ ᠰᠤᠷᠤᠭᠴᠢᠳ ᠢ | ᠦᠨᠡᠯᠡᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠰᠤᠷᠤᠭᠴᠢᠳ ᠤᠨ ᠭᠤᠣᠯᠯᠠᠬᠤ ᠬᠡᠪ | ᠪᠣᠯᠪᠠᠰᠤᠷᠠᠯ ᠤᠨ ᠲᠠᠰᠤᠷᠠᠯᠲᠠ ᠦᠭᠡᠢ ᠳᠡᠭᠡᠭᠰᠢᠯᠡᠬᠦ ᠶᠢ ᠠᠬᠢᠭᠤᠯᠵᠤ᠂ ᠰᠤᠷᠤᠭᠴᠢᠳ ᠢ ᠰᠣᠨᠢᠷᠬᠠᠯ ᠤᠨ ᠳᠤᠮᠳᠠ | ᠰᠤᠷᠤᠯᠴᠠᠭᠤᠯᠵᠤ᠂ ᠪᠠᠶᠠᠷ ᠪᠠᠶᠠᠰᠬᠤᠯᠠᠩᠲᠤ ᠳᠤᠮᠳᠠ ᠬᠡᠷᠡᠭᠯᠡᠭᠦᠯᠦᠨ᠎ᠡ︾ ᠭᠡᠵᠦ ᠨᠢᠭᠡᠳᠦᠭᠡᠷ ᠣᠨ ᠤ ᠭᠡᠷ ᠤᠨ | ᠠᠬᠠᠮᠠᠳ ᠰᠤᠷᠪᠤᠯᠵᠢᠯᠠᠭᠴᠢ ᠳᠤ ᠬᠡᠯᠡᠪᠡ᠃ | | | | | | | | | | | | | | | ᠪᠢᠷ ᠴᠠᠭᠠᠰᠤ ᠪᠠᠷ ᠦᠨᠡᠯᠡᠬᠦ ᠨᠢ ᠰᠤᠷᠤᠭᠴᠢᠳ ᠢ ᠨᠠᠩ ᠰᠠᠶᠢᠨ ᠰᠤᠷᠤᠯᠴᠠᠬᠤ ᠣᠶᠢᠯᠠᠭᠠᠯᠲᠠ ᠲᠠᠢ ᠪᠣᠯᠭᠠᠵᠤ᠂ | ᠳᠤᠷ᠎ᠠ ᠰᠣᠨᠢᠷᠬᠠᠯ ᠤᠨ ᠪᠣᠭᠤᠮᠲᠠ ᠶᠢ ᠳᠠᠪᠠᠭᠤ᠂ ᠰᠢᠨᠵᠢᠯᠡᠭᠡᠨ ᠤ ᠰᠠᠯᠠᠭ᠎ᠠ ᠶᠢ ᠠᠭᠤᠰᠤᠯᠴᠠᠭᠤᠯᠬᠤ ᠵᠡᠷᠭᠡ | ᠰᠤᠷᠤᠯᠭ᠎ᠠ ᠶᠢᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠪᠠᠷ ᠳᠠᠮᠵᠢᠨ᠂ ᠦᠨᠡᠯᠡᠬᠦ ᠠᠷᠭ᠎ᠠ ᠮᠠᠶ᠋ᠢᠭ ᠨᠠᠩ ᠣᠯᠠᠨ | ᠡᠰᠢᠵᠢᠵᠦ᠂ ᠰᠤᠷᠤᠭᠴᠢᠳ ᠵᠣᠷᠢᠭᠲᠠᠢ ᠪᠠᠷ ᠣᠷᠣᠯᠴᠠᠵᠤ᠂ ᠰᠣᠷᠣᠭᠴᠢ ᠨᠢᠭᠡᠪᠦᠷᠢ ᠳᠤ ᠮᠡᠳᠡᠯᠭᠡ ᠬᠦᠷᠲᠡᠭᠡᠬᠦ ᠪᠠᠷ ᠪᠠᠷᠠᠬᠤ | ᠦᠭᠡᠢ ᠪᠣᠶᠢᠵᠢᠯᠳᠠ ᠣᠯᠪᠠ᠃ | | | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |