| | | ᠥᠪᠣᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ︽ᠠᠵᠢᠯ | ᠣᠯᠭᠤᠯᠲᠠ ᠶᠢᠨ ᠬᠦᠷᠢᠶᠡᠨ ᠤ ᠶᠠᠷᠤᠩᠬᠡᠶᠢᠯᠡᠭᠰᠡᠨ ᠦᠭᠡᠷᠡᠴᠢᠯᠡᠯᠲᠡ ᠶᠢ ᠬᠦᠨᠵᠡᠭᠡᠶᠢᠷᠡᠭᠦᠯᠭᠦ ᠲᠤᠬᠠᠢ ᠥᠪᠣᠷ | ᠮᠤᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠢ ᠣᠶᠢᠷ᠎ᠠ ᠳᠤ | ᠳᠠᠷᠤᠮᠠᠯᠯᠠᠨ ᠲᠠᠷᠬᠠᠭᠠᠪᠠ᠃ ᠲᠣᠰ ᠰᠠᠨᠠᠯ ᠳᠤ ᠠᠵᠢᠯ ᠤᠯᠭᠤᠯᠲᠠ ᠶᠢᠨ ᠲᠤᠬᠠᠢ ᠠᠯᠢ ᠤᠯᠠᠨ ᠴᠢᠬᠤᠯᠠ ᠠᠷᠭ᠎ᠠ | ᠬᠡᠮᠵᠢᠶ᠎ᠠ ᠲᠤᠷᠠᠳᠴᠠᠢ᠃ | | | ᠲᠣᠰ ᠤᠳᠠᠭᠠᠨ ᠤ ᠠᠵᠢᠯ ᠤᠯᠭᠤᠯᠲᠠ ᠶᠢᠨ ᠬᠦᠷᠢᠶᠡᠨ ᠤ ᠶᠡᠷᠤᠩᠬᠡᠶᠢᠯᠡᠭᠰᠡᠨ ᠦᠭᠡᠷᠡᠴᠢᠯᠡᠯᠲᠡ ᠨᠢ | ᠭᠤᠣᠯᠳᠠᠭᠤ ᠠᠵᠤ ᠠᠬᠤᠢ ᠨᠡᠶᠢᠭᠡᠮ ᠤᠨ ᠬᠦᠭᠵᠢᠯᠲᠠ ᠬᠢᠭᠡᠳ ᠠᠵᠢᠯ ᠣᠯᠭᠤᠯᠲᠠ ᠶᠢ ᠠᠬᠢᠭᠤᠯᠬᠤ ᠯᠤᠭ᠎ᠠ | ᠵᠣᠬᠢᠴᠠᠯᠳᠤᠨ ᠬᠤᠯᠪᠣᠯᠳᠤᠬᠤ ᠶᠢ ᠠᠬᠢᠭᠤᠯᠬᠤ᠂ ᠪᠦᠲᠦᠴᠠ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ | ᠬᠦᠴᠦᠯᠡᠨ ᠰᠢᠢᠳᠪᠦᠷᠢᠯᠡᠬᠦ᠂ ᠭᠤᠣᠯᠳᠠᠯᠭ᠎ᠠ ᠲᠠᠢ ᠬᠦᠮᠤᠰ ᠤᠨ ᠠᠵᠢᠯ ᠤᠯᠭᠤᠯᠲᠠ ᠶᠢ ᠳᠡᠮᠵᠢᠬᠦ ᠰᠢᠰᠲ᠋ᠧᠮ ᠢ | ᠲᠡᠭᠦᠯᠳᠠᠷᠵᠢᠭᠦᠯᠬᠦ᠂ ᠠᠵᠢᠯ ᠣᠯᠭᠤᠯᠲᠠ ᠶᠢᠨ ᠤᠯᠠᠨ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠂ | ᠬᠦᠳᠡᠯᠮᠣᠷᠢᠴᠢᠳ ᠤᠨ ᠠᠵᠢᠯ ᠣᠯᠭᠤᠯᠲᠠ ᠶᠢᠨ ᠡᠷᠭᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ᠂ ᠴᠢᠨᠠᠷ | ᠰᠠᠶᠢᠲᠠᠢ ᠭᠦᠢᠴᠡᠳ ᠠᠵᠢᠯ ᠤᠯᠭᠤᠯᠲᠠ ᠶᠢ ᠠᠬᠢᠭᠤᠯᠬᠤ ᠠᠵᠢᠯ ᠤᠨ ᠬᠠᠮᠲᠤᠷᠠᠯ ᠬᠦᠴᠣᠨ ᠢ ᠨᠢᠭᠳᠠᠷᠠᠭᠤᠯᠬᠤ ᠵᠡᠷᠭᠡ | ᠬᠡᠳᠤᠨ ᠲᠠᠯ᠎ᠠ ᠪᠠᠷ ᠲᠤᠷᠠᠳᠴᠠᠢ᠃ | | | ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠬᠦ ᠲᠠᠯ᠎ᠠ ᠪᠠᠷ᠂ | ᠲᠣᠰ ᠰᠠᠨᠠᠯ ᠳᠤ ᠠᠵᠢᠯ ᠮᠡᠷᠭᠡᠵᠢᠯ ᠤᠨ ᠰᠤᠷᠭᠠᠨ ᠬᠦᠮᠤᠵᠢᠯ ᠪᠠ ᠡᠩ ᠤᠨ ᠰᠤᠷᠭᠠᠨ ᠬᠦᠮᠥᠵᠢᠯ ᠢ | ᠠᠭᠤᠰᠤᠯᠴᠠᠭᠤᠯᠬᠤ᠂ ᠦᠢᠯᠡᠳᠪᠤᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠪᠠ ᠰᠤᠷᠭᠠᠨ ᠬᠦᠮᠤᠵᠢᠯ ᠢ ᠠᠭᠤᠰᠤᠯᠴᠠᠭᠤᠯᠬᠤ ᠶᠢ ᠠᠬᠢᠭᠤᠯᠵᠤ᠂ ︽ᠣᠢᠯᠡᠳᠪᠤᠷᠢᠯᠠᠯ ᠪᠠ | ᠵᠢᠭᠠᠨ ᠰᠤᠷᠭᠠᠯᠲᠠ ᠶᠢ ᠨᠢᠭᠡ ᠴᠤᠭᠴᠠᠵᠢᠭᠤᠯᠬᠤ︾᠂ ︽ᠬᠤᠣᠰ ᠡᠰᠢᠳᠤ ᠲᠦᠷᠢᠮ︾ ᠵᠡᠷᠭᠡ ᠣᠷ᠎ᠠ ᠮᠡᠷᠭᠡᠰᠢᠯᠲᠦ | ᠴᠢᠳᠡᠪᠤᠷᠢᠳᠠᠨ ᠬᠦᠮᠦᠵᠢᠭᠦᠯᠭᠦ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ 2027 ᠣᠨ ᠪᠣᠯᠬᠤ ᠳᠤ ᠳᠡᠭᠡᠲᠤ | ᠤᠷ᠎ᠠ ᠮᠡᠷᠭᠡᠰᠢᠯᠲᠤ ᠴᠢᠳᠠᠪᠤᠷᠢᠳᠠᠨ ᠤ ᠤᠷ᠎ᠠ ᠮᠡᠷᠭᠡᠰᠢᠯᠲᠤ ᠴᠢᠳᠠᠪᠤᠷᠢᠳᠠᠨ ᠳᠠᠬᠢ ᠡᠵᠡᠯᠡᠬᠦ ᠬᠠᠷᠢᠴᠠᠯ ᠢ 35% | ᠣᠷᠴᠢᠮ ᠪᠣᠯᠳᠠᠯ᠎ᠠ ᠳᠡᠭᠡᠭᠰᠢᠯᠡᠭᠦᠯᠦᠨ᠎ᠡ ᠭᠡᠵᠦ ᠳᠤᠷᠠᠳᠴᠠᠢ᠃ | | | ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠭᠦ ᠲᠠᠯ᠎ᠠ ᠪᠠᠷ ᠂ | ᠲᠣᠰ ᠰᠠᠨᠠᠯ ᠳᠤ ᠦᠨᠳᠦᠰᠤᠨ ᠱᠠᠲᠤᠨ ᠤ ᠠᠵᠢᠯ ᠣᠯᠭᠤᠯᠲᠠ ᠶᠢᠨ ᠣᠯᠠᠨ ᠨᠡᠶᠢᠲᠠ ᠶᠢᠨ ᠦᠢᠯᠡᠴᠢᠯᠡᠭᠡ ᠶᠢ | ᠨᠠᠮ ᠤᠨ ᠪᠠᠶᠢᠭᠤᠯᠤᠯᠲᠠ ᠪᠠᠷ ᠬᠦᠲᠦᠯᠤᠨ ᠳᠠᠭᠠᠭᠤᠯᠤᠭᠰᠠᠨ ᠦᠨᠳᠦᠰᠤᠨ ᠱᠠᠲᠤᠨ ᠤ ᠵᠠᠰᠠᠯᠲᠠ ᠶᠢᠨ ᠬᠦᠷᠢᠶᠡᠨ ᠳᠤ | ᠠᠭᠤᠰᠤᠯᠴᠠᠭᠤᠯᠵᠤ᠂ ᠦᠨᠳᠤᠰᠤᠨ ᠱᠠᠳᠤᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠢᠯᠡᠴᠢᠯᠡᠭᠡᠨ ᠤ | ᠵᠦᠢᠯᠡᠰ ᠲᠤ ᠣᠷᠣᠭᠤᠯᠤᠨ᠎ᠠ ᠭᠡᠵᠦ ᠲᠤᠷᠠᠳᠴᠠᠢ᠃ ᠡᠯ᠎ᠡ ᠲᠦᠷᠤᠯ ᠤᠨ ᠠᠵᠤ ᠠᠬᠤᠶᠢᠯᠡᠯ᠂ ᠠᠵᠢᠯ ᠦᠢᠯᠡᠰ ᠤᠨ | ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ︽ᠭᠡᠷ ᠤᠨ ᠡᠭᠦᠳᠡᠨ︾ ᠳᠤᠨᠢ ᠠᠵᠢᠯ ᠣᠯᠭᠤᠬᠤ | ᠦᠢᠯᠡᠴᠢᠯᠡᠭᠡᠨ ᠤ ᠥᠷᠲᠡᠭᠡ᠂ ︽ᠨᠢᠭᠡ ᠮᠥᠴᠠ︾ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠤᠷᠢᠭ ᠢ | ᠪᠠᠶᠢᠭᠤᠯᠤᠨ᠎ᠠ᠃ | | | ᠬᠦᠳᠡᠯᠮᠤᠷᠢᠴᠢᠳ ᠤᠨ ᠠᠵᠢᠯ ᠤᠯᠭᠤᠯᠲᠠ ᠶᠢᠨ ᠡᠷᠭᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ | ᠲᠠᠯ᠎ᠠ ᠪᠠᠷ᠂ ᠲᠣᠰ ᠰᠠᠨᠠᠯ ᠳᠤ ᠡᠶ᠎ᠡ ᠵᠣᠬᠢᠴᠠᠩᠭᠤᠢ ᠬᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠬᠦᠮᠤᠨ ᠤ | ᠬᠦᠴᠣᠨ ᠤ ᠡᠬᠢ ᠪᠡᠶᠡᠯᠢᠭ᠋ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠦᠷᠭᠦᠯᠵᠢᠯᠡᠨ ᠴᠡᠭᠴᠡᠯᠡᠨ ᠵᠠᠰᠠᠵᠤ᠂ | ᠴᠡᠯᠢᠩ ᠦᠷᠢᠳᠦᠬᠦ ᠪᠠ ᠳᠠᠭᠠᠳᠬᠠᠯ ᠳᠤ ᠤᠷᠤᠭᠤᠯᠬᠤ ᠦᠭᠡᠢ᠂ ᠬᠠᠤᠯᠢ ᠠᠴᠠ ᠵᠥᠷᠢᠴᠠᠨ ᠠᠵᠢᠯᠲᠠᠨ ᠬᠠᠰᠤᠬᠤ᠂ | ᠬᠤᠳᠠᠯ ᠬᠠᠭᠤᠷᠮᠠᠭ ᠢᠶᠠᠷ ᠠᠵᠢᠯᠲᠠᠨ ᠡᠯᠰᠡᠬᠦ᠂ ︽ᠬᠠᠤᠯᠢ ᠪᠤᠰᠤ ᠵᠠᠭᠤᠴᠢ︾ ᠵᠡᠷᠭᠡ ᠬᠠᠤᠯᠢ ᠲᠣᠭᠳᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠵᠢᠯᠲᠡᠨ ᠡᠯᠰᠡᠬᠦ ᠨᠠᠰᠤ ᠠᠴᠠ | ᠬᠡᠳᠦᠷᠡᠭᠰᠡᠨ ᠬᠦᠳᠡᠯᠮᠦᠷᠢᠴᠢᠳ ᠤᠨ ᠬᠦᠳᠡᠯᠮᠦᠷᠢ ᠶᠢᠨ ᠡᠷᠬᠡ ᠠᠰᠢᠭ ᠢ ᠪᠠᠲᠤᠯᠠᠬᠤ ᠠᠵᠢᠯ ᠢ ᠰᠠᠶᠢᠲᠤᠷ ᠬᠢᠨ᠎ᠡ ᠭᠡᠵᠡᠢ ᠃ | |