| | | | ᠠᠷᠠᠳ ᠣᠯᠠᠨ ᠢᠳᠡᠭᠡᠨ ᠢ ᠣᠷᠤᠰᠢᠨ ᠲᠣᠭᠲᠠᠨᠢᠬᠤ ᠶᠢᠨ ᠦᠨᠳᠦᠰᠦ ᠭᠡᠵᠦ ᠦᠵᠡᠵᠦ ᠪᠠᠶᠢᠨ᠎ᠠ᠂ ᠢᠳᠡᠭᠡᠨ ᠤ | ᠠᠮᠤᠷ ᠲᠦᠪᠰᠢᠨ ᠴᠢᠬᠤᠯᠠ ᠠᠴᠠ ᠴᠢᠬᠤᠯᠠ᠃ 2024 ᠣᠨ ᠳᠤ᠂ ᠰᠠᠶᠢᠬᠠᠨ ᠲᠣᠭᠤᠷᠢᠭ ᠢᠳᠡᠭᠡᠨ ᠤ ᠠᠮᠤᠷ | ᠲᠦᠪᠰᠢᠨ ᠤ ︽ᠲᠦᠷᠪᠡᠨ ᠬᠠᠮᠤᠭ ᠤᠨ ᠴᠢᠩᠭ᠎ᠠ︾ ᠠᠵᠢᠯ ᠤᠨ ᠵᠠᠷᠴᠢᠮ ᠢ ᠪᠠᠷᠢᠮᠲᠠᠯᠠᠵᠤ᠂ ᠢᠳᠡᠭᠡᠨ ᠤ ᠠᠮᠤᠷ | ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠷ ᠬᠦᠴᠦᠯᠡᠨ ᠴᠢᠷᠮᠠᠶᠢᠵᠤ᠂ ᠢᠳᠡᠭᠡᠨ ᠤ ᠠᠮᠤᠷ | ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ | ᠴᠢᠩᠭ᠎ᠠ ᠬᠠᠮᠠᠭᠠᠯᠠᠪᠠ᠃ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠢᠳᠡᠭᠡᠨ ᠤ ᠰᠤᠭᠤᠴᠢᠨ ᠪᠠᠶᠢᠴᠠᠭᠠᠯᠲᠠ ᠶᠢᠨ ︽ᠤᠷᠢᠳᠴᠢᠯᠠᠨ ᠰᠡᠷᠡᠮᠵᠢᠯᠡᠭᠦᠯᠬᠦ ᠡᠮᠦᠨ᠎ᠡ ᠬᠠᠷᠠᠭᠤᠯ︾ ᠤᠨ ᠴᠢᠳᠠᠮᠵᠢ ᠶᠢ | ᠭᠦᠢᠴᠡᠳ ᠪᠠᠳᠠᠷᠠᠭᠤᠯᠵᠤ᠂ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ | ᠲᠣᠭᠲᠠᠭᠠᠵᠤ᠂ ᠢᠳᠡᠭᠡᠨ ᠤ ᠰᠤᠭᠤᠴᠢᠨ ᠪᠠᠶᠢᠴᠠᠭᠠᠯᠲᠠ ᠶᠢᠨ ᠨᠠᠷᠢᠯᠢᠭ ᠣᠨᠣᠪᠴᠢᠲᠤ ᠴᠢᠨᠠᠷ᠂ ᠰᠢᠰᠲ᠋ᠧᠮᠲᠦ ᠴᠢᠨᠠᠷ ᠪᠠ | ᠪᠣᠳᠠᠲᠤ ᠦᠷ᠎ᠡ ᠪᠦᠲᠦᠮᠵᠢᠲᠦ ᠴᠢᠨᠠᠷ ᠢ ᠢᠯᠡᠳᠲᠡ ᠳᠡᠭᠡᠭᠰᠢᠯᠡᠭᠦᠯᠦᠭᠰᠡᠨ ᠪᠥᠭᠡᠳ ᠣᠨ ᠤ ᠢᠳᠡᠭᠡᠨ ᠤ ᠠᠮᠤᠷ | ᠲᠦᠪᠰᠢᠨ ᠤ ᠰᠤᠭᠤᠴᠢᠨ ᠪᠠᠶᠢᠴᠠᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | | | | | | | | ᠵᠠᠬ᠎ᠠ ᠳᠡᠯᠭᠡᠭᠦᠷ ᠤᠨ ᠲᠣᠪᠴᠢᠶ᠎ᠠ ᠶᠢᠨ ᠰᠤᠭᠤᠴᠢᠨ ᠪᠠᠶᠢᠴᠠᠭᠠᠬᠤ ᠠᠵᠢᠯ ᠤᠨ ᠭᠤᠣᠯᠳᠠᠯᠭ᠎ᠠ ᠨᠢ ᠲᠣᠮᠣ | ᠬᠡᠯᠪᠡᠷᠢ ᠶᠢᠨ ᠲᠠᠷᠢᠶᠠᠯᠠᠩ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠨᠡᠶᠢᠭᠡᠮ ᠲᠣᠭᠤᠷᠢᠭ ᠤᠨ ᠬᠡᠯᠬᠢᠶ᠎ᠡ | ᠬᠡᠲᠦ ᠳᠡᠯᠭᠡᠭᠦᠷ ᠵᠢᠴᠢ ᠲᠥᠪᠯᠡᠷᠡᠭᠦᠯᠦᠨ ᠬᠤᠭᠤᠯᠠ ᠢᠳᠡᠬᠦ ᠨᠢᠭᠡᠴᠡ ᠵᠡᠷᠭᠡ ᠵᠠᠩᠭᠢᠯᠠᠭ᠎ᠠ ᠶᠢᠨ ᠲᠠᠯᠠᠪᠤᠷ ᠲᠤ | ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠲᠤ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠥᠨᠳᠥᠷ᠂ ᠡᠳᠦᠷ | ᠲᠤᠲᠤᠮ ᠤᠨ ᠬᠡᠷᠡᠭᠯᠡᠭᠡᠨ ᠤ ᠬᠡᠮᠵᠢᠶ᠎ᠡ ᠪᠠᠷ ᠶᠡᠭᠡ ᠢᠳᠡᠭᠡᠨ ᠢ ᠭᠤᠣᠯᠳᠠᠯᠭ᠎ᠠ ᠲᠠᠢ ᠪᠠᠶᠢᠴᠠᠭᠠᠨ ᠰᠢᠯᠭᠠᠬᠤ ᠡᠲᠡᠭᠡᠳ | ᠪᠣᠯᠭᠠᠨ᠎ᠠ᠃ ᠪᠦᠬᠦ᠋ᠢᠯᠡ ᠰᠤᠭᠤᠴᠢᠨ ᠪᠠᠶᠢᠴᠠᠭᠠᠬᠤ ᠶᠠᠪᠤᠴᠠ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ᠂ ᠳᠦᠷᠢᠮ ᠲᠣᠭᠲᠠᠭᠠᠯ ᠵᠢᠴᠢ ︽ᠢᠳᠡᠭᠡᠨ ᠤ ᠠᠮᠤᠷ ᠲᠦᠪᠰᠢᠨ ᠤ ᠥᠯᠢᠭᠡᠷ ᠠᠪᠴᠤ ᠰᠢᠯᠭᠠᠨ | ᠪᠠᠶᠢᠴᠠᠭᠠᠬᠤ ᠬᠠᠮᠢᠶᠠᠷᠤᠯᠲᠠ ᠶᠢᠨ ᠠᠷᠭ᠎ᠠ︾ ︽ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠬᠤ ᠪᠠ ᠲᠦᠭᠰᠢᠭᠦᠷᠢ ᠶᠢ ᠬᠢᠨᠠᠨ ᠬᠡᠮᠵᠢᠬᠦ ᠠᠵᠢᠯ ᠤᠨ ᠵᠢᠷᠤᠮᠵᠢᠯ︾ ᠪᠠ ︽ᠢᠳᠡᠭᠡᠨ ᠤ ᠠᠮᠤᠷ ᠲᠦᠪᠰᠢᠨ ᠳᠤ | ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠠ ᠲᠦᠭᠰᠢᠭᠦᠷᠢ ᠶᠢ ᠬᠢᠨᠠᠨ ᠬᠡᠮᠵᠢᠬᠦ ᠶᠢᠨ ᠬᠡᠷᠡᠭᠵᠢᠭᠦᠯᠬᠦ ᠨᠠᠷᠢᠨ | ᠳᠦᠷᠢᠮ ︵2024 ᠬᠡᠪᠯᠡᠯ︶︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠵᠤ᠂ ᠢᠳᠡᠭᠡᠨ ᠤ ᠠᠮᠤᠷ ᠲᠦᠪᠰᠢᠨ ᠢ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠠᠵᠢᠯ ᠤᠨ | ᠬᠡᠷᠡᠭᠵᠢᠭᠦᠯᠦᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠪᠦᠷᠢᠳᠬᠡᠯ ᠢ ᠦᠨᠳᠦᠰᠦᠯᠡᠪᠡᠯ᠂ 2024 | ᠣᠨ ᠳᠤ ᠨᠡᠶᠢᠲᠡ 916 ᠪᠦᠯᠦᠭ ᠤᠳᠠᠭ᠎ᠠ ᠶᠢᠨ ᠰᠤᠭᠤᠴᠢᠨ ᠪᠠᠶᠢᠴᠠᠭᠠᠬᠤ ᠡᠭᠦᠷᠭᠡ ᠶᠢ ᠪᠡᠶᠡᠯᠡᠭᠦᠯᠪᠡ᠂ ᠡᠭᠦᠨ ᠳᠤ | ᠢᠳᠡᠭᠡᠨ ᠤᠮᠳᠠᠭᠠᠨ ᠤ ᠭᠤᠭᠴᠤᠭ᠎ᠠ 145 ᠪᠦᠯᠦᠭ ᠤᠳᠠᠭ᠎ᠠ᠂ ᠤᠷᠢᠳᠴᠢᠯᠠᠨ ᠪᠣᠭᠤᠳᠠᠯᠯᠠᠭᠰᠠᠨ ᠢᠳᠡᠭᠡᠨ 372 | ᠪᠦᠯᠦᠭ ᠤᠳᠠᠭ᠎ᠠ᠂ ᠲᠠᠷᠢᠶᠠᠯᠠᠩ ᠤᠨ ᠪᠦᠲᠦᠭᠡᠭᠳᠡᠬᠦᠨ 336 ᠪᠦᠯᠦᠭ ᠤᠳᠠᠭ᠎ᠠ᠂ ᠦᠢᠯᠡᠳᠪᠦᠷᠢᠯᠡᠯ ᠤᠨ ᠭᠤᠭᠴᠤᠭ᠎ᠠ | 63 ᠪᠦᠯᠦᠭ ᠤᠳᠠᠭ᠎ᠠ ᠪᠠᠭᠲᠠᠵᠤ ᠪᠠᠶᠢᠨ᠎ᠠ᠃ ᠬᠢᠷᠢ ᠲᠡᠩᠴᠡᠬᠦ ᠦᠭᠡᠢ ᠪᠦᠯᠦᠭ ᠤᠳᠠᠭ᠎ᠠ ᠨᠡᠶᠢᠲᠡ 25 ᠪᠠᠶᠢᠵᠤ᠂ | ᠡᠳᠡᠭᠡᠷ ᠬᠢᠷᠢ ᠲᠡᠩᠴᠡᠬᠦ ᠦᠭᠡᠢ ᠢᠳᠡᠭᠡᠨ ᠢ ᠨᠢᠭᠡᠨᠲᠡ ᠪᠦᠬᠦᠨ ᠢ ᠬᠡᠷᠡᠭ ᠪᠣᠯᠭᠠᠨ ᠳᠠᠩᠰᠠᠯᠠᠵᠤ ᠰᠢᠢᠳᠪᠦᠷᠢᠯᠡᠭᠰᠡᠨ | ᠪᠥᠭᠡᠳ ᠴᠠᠭ ᠲᠤᠬᠠᠢ ᠳᠤᠨᠢ ᠣᠯᠠᠨ ᠨᠡᠶᠢᠲᠡ ᠳᠤ ᠵᠠᠷᠯᠠᠨ ᠨᠡᠶᠢᠳᠡᠯᠡᠨ᠎ᠡ᠃ | | | | ᠢᠷᠡᠭᠡᠳᠦᠢ ᠳᠤ᠂ ᠰᠠᠶᠢᠬᠠᠨ ᠲᠣᠭᠤᠷᠢᠭ ᠭᠤᠣᠯᠳᠠᠯᠭ᠎ᠠ ᠲᠠᠢ ᠬᠦᠷᠢᠶᠡᠨ ᠤ ᠢᠳᠡᠭᠡᠨ ᠤ ᠠᠮᠤᠷ ᠲᠦᠪᠰᠢᠨ ᠳᠤ | ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤ ᠠᠮᠤᠷ | ᠲᠦᠪᠰᠢᠨ ᠤ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠲᠣᠬᠢᠲᠠᠢ ᠰᠢᠢᠳᠪᠦᠷᠢᠯᠡᠵᠦ᠂ ᠢᠳᠡᠭᠡᠨ ᠤ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠷᠠᠳ | ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |